ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠯᠦᠭᠯᠡᠯ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/7/4
     6 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠢᠭᠡᠳ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠯᠦᠭᠯᠡᠯ ᠤᠨ ᠰᠠᠭᠤᠳᠠᠯ ‍ᠤᠨ‌ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠩᠭᠠᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ ᠯᠢ ᠸᠠᠨ ᠵᠢᠶᠦ᠋ᠨ ᠤ ᠦᠢᠯᠡᠴᠢᠯᠡᠭᠡᠨ ᠤ ᠲᠣᠭᠤᠷᠢᠭ ᠤᠨ ᠵᠠᠰᠠᠯ ᠴᠢᠮᠡᠭᠯᠡᠯ ᠤᠨ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠢᠭᠲᠠ ᠤᠶᠠᠯᠳᠤᠭᠤᠯᠤᠨ ᠬᠠᠮᠵᠢᠯᠴᠠᠵᠤ ᠂ ᠲᠥᠷᠥᠯ ᠵᠦᠢᠯ ᠤᠨ ᠨᠠᠷᠢᠨ ᠲᠠᠩᠰᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ G5511 ᠦᠢᠯᠡᠴᠢᠯᠡᠭᠡᠨ ᠤ ᠲᠣᠭᠤᠷᠢᠭ ᠢ ᠲᠣᠰ ᠤᠳᠠᠭᠠᠨ ᠤ ᠲᠥᠷᠥᠯ ᠵᠦᠢᠯ ᠤᠨ ᠲᠤᠷᠰᠢᠯᠲᠠ ᠶᠢᠨ ᠴᠡᠭ ᠪᠣᠯᠭᠠᠵᠤ᠂ ᠦᠢᠯᠡᠴᠢᠯᠡᠭᠡᠨ ᠤ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠥᠯᠦᠪᠵᠢᠭᠦᠯᠭᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠨᠢᠭᠲᠠ ᠬᠠᠮᠵᠢᠯᠴᠠᠵᠤ᠂ ᠪᠠᠲᠤᠯᠠᠭ᠎ᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠲᠣᠭᠤᠷᠢᠭ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠠᠵᠤ ᠠᠬᠤᠶᠢᠯᠠᠯ ᠤᠨ ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号