ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠪᠡᠯᠡᠳᠬᠡᠯ ᠠᠵᠢᠯ ᠢ ᠲᠣᠬᠢᠷᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/6
      7 ᠰᠠᠷ᠎ᠠ ᠶᠢᠨ 4 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ 2024 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠪᠡᠯᠡᠳᠬᠡᠯ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠬᠤᠷᠠᠯ ᠠᠴᠠ 2024 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠡᠯᠡᠳᠬᠡᠯ ᠠᠵᠢᠯ ᠢ ᠲᠠᠬᠢᠨ ᠲᠣᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠪᠠᠰᠠ ᠲᠠᠬᠢᠨ ᠲᠤᠬᠢᠷᠠᠭᠤᠯᠤᠯᠲᠠ ᠬᠢᠪᠡ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠵᠢᠯᠤᠭᠤᠳᠬᠤ ᠰᠢᠰᠲ᠋ᠧᠮ ᠢ ᠪᠦᠷᠢᠨᠰᠢᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠢᠯ ᠤᠨ ᠲᠣᠬᠢᠷᠠᠭᠤᠯᠤᠯᠲᠠ ᠶᠢ ᠥᠨᠳᠥᠷ ᠪᠦᠲᠦᠮᠵᠢᠲᠡᠢ ᠵᠣᠯᠭᠠᠭᠤᠯᠬᠤ᠂ ᠥᠨᠳᠥᠷ ᠪᠦᠲᠦᠮᠵᠢᠲᠡᠢ ᠠᠵᠢᠯᠯᠠᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠨᠠᠷᠢᠨ ᠵᠦᠢᠯᠡᠰ ᠢ ᠴᠢᠬᠤᠯᠠᠴᠢᠯᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠨᠢᠨ ᠳᠡᠭᠡᠷ᠎ᠡ  ᠨᠢ ᠲᠣᠳᠣᠷᠬᠠᠢ ᠪᠠᠶᠢᠯᠭᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠲᠠᠯᠠᠪᠤᠷ ᠭᠠᠵᠠᠷ ᠢ ᠲᠥᠯᠥᠪᠵᠢᠭᠦᠯᠵᠦ ᠪᠦᠲᠦᠭᠡᠨ ᠪᠠᠶᠢᠭᠤᠯᠬᠤ᠂ ᠬᠦᠯᠢᠶᠡᠨ ᠠᠪᠴᠤ ᠦᠢᠯᠡᠴᠢᠯᠡᠬᠦ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠡᠶᠡᠴᠢ ᠵᠣᠷᠢᠯᠭ᠎ᠠ ᠪᠠ ᠪᠤᠰᠤᠳᠴᠢ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ᠃ ᠠᠮᠤᠷ ᠲᠦᠪᠰᠢᠨ ᠤ ᠤᠬᠠᠮᠰᠠᠷ ᠢ ᠪᠠᠲᠤ ᠪᠤᠢ ᠪᠣᠯᠭᠠᠵᠤ ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠬᠥᠮᠥᠨ ᠤ ᠬᠦᠴᠦᠨ ᠤ ᠲᠣᠬᠢᠷᠠᠭᠤᠯᠤᠯᠲᠠ ᠶᠢ ᠨᠡᠮᠡᠭᠳᠡᠭᠦᠯᠵᠦ᠂ ᠠᠳᠡᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠭᠠᠳᠤᠮ ᠤᠨ ᠶᠡᠭᠡ ᠬᠤᠷᠠᠯ ᠤᠨ ᠤᠷᠤᠭᠰᠢᠲᠠᠢ ᠶᠠᠪᠤᠭᠳᠠᠬᠤ᠂ ᠲᠡᠭᠦᠰ ᠠᠮᠵᠢᠯᠲᠠ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠦᠷ ᠬᠥᠭᠵᠢᠶᠡᠨ ᠲᠠᠢ ᠠᠵᠢᠯᠯᠠᠭ᠎ᠠ ᠶᠢᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠨᠠᠭᠠᠳᠤᠮ ᠤᠨ ᠠᠯᠳᠠᠷᠰᠢᠯ ᠪᠠ ᠲᠠᠲᠠᠬᠤ ᠬᠦᠴᠦᠨ ᠢ ᠳᠡᠭᠡᠭᠰᠢᠯᠡᠭᠦᠯᠵᠦ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号