ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠭᠠᠴᠠᠭᠠᠨ ᠱᠠᠲᠤᠨ ᠤ ᠡᠶᠡᠳᠡᠭᠦᠯᠦᠭᠴᠢ ᠶᠢ ᠪᠣᠯᠪᠠᠰᠤᠷᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/7/8
     7 ᠰᠠᠷ᠎ᠠ ᠶᠢᠨ 2 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠦᠢᠯᠡᠴᠢᠯᠡᠭᠡᠨ ᠤ ᠲᠥᠪ ᠠᠴᠠ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠪᠠᠯᠭᠠᠰᠤᠨ ᠤ ᠲᠣᠰᠬᠤᠨ ᠤ ᠱᠠᠲᠤᠨ ᠤ ᠡᠶᠡᠳᠡᠭᠦᠯᠦᠭᠴᠢ 280 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃       ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠦᠢᠯᠡᠴᠢᠯᠡᠭᠡᠨ ᠤ ᠲᠥᠪ ᠤᠨ ᠲᠤᠬᠠᠶᠢᠯᠠᠭᠰᠠᠨ ᠠᠵᠢᠯ ᠤᠨ ᠠᠵᠢᠯᠲᠠᠨ ᠬᠦᠷᠡᠯ ᠠᠴᠠ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠵᠢᠭᠤᠷᠠᠯᠳᠤᠭᠠᠨ ᠢ ᠡᠶᠡᠳᠡᠭᠦᠯᠬᠦ ᠶᠢᠨ ᠲᠣᠭᠤᠷᠢᠨ ᠳᠤ ᠬᠠᠮᠢᠶ᠎ᠠ ᠪᠦᠬᠦᠢ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢᠨ ᠬᠠᠮᠲᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠡᠩ ᠤᠨ ᠦᠶ᠎ᠡ ᠶᠢᠨ ᠠᠵᠢᠯ ᠤᠨ ᠳᠤᠮᠳᠠ ᠲᠣᠬᠢᠶᠠᠯᠳᠤᠭᠰᠠᠨ ᠭᠠᠵᠠᠷ ᠰᠢᠷᠣᠢ ᠶᠢᠨ ᠵᠢᠭᠤᠷᠠᠯᠳᠤᠭᠠᠨ ᠤ ᠠᠰᠠᠭᠤᠳᠠᠯ ᠲᠠᠢ ᠤᠶᠠᠯᠳᠤᠭᠤᠯᠤᠨ ᠵᠢᠱᠢᠶ᠎ᠡ ᠲᠠᠲᠠᠵᠤ ᠲᠠᠶᠢᠯᠤᠮᠵᠢ ᠬᠢᠵᠡᠢ᠃       ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠲᠠᠮᠵᠢᠨ᠂ ᠬᠥᠳᠡᠭᠡ ᠲᠣᠰᠬᠤᠨ ᠤ ᠬᠤᠶᠠᠷ ᠱᠠᠲᠤᠨ ᠤ ᠡᠶᠡᠳᠡᠭᠦᠯᠦᠭᠴᠢ ᠶᠢᠨ ᠬᠥᠳᠡᠭᠡ ᠲᠣᠰᠬᠤᠨ ᠤ ᠳᠠᠭᠠᠭᠠᠴᠢᠯᠠᠯᠲᠠ ᠶᠢᠨ ᠭᠠᠵᠠᠷ ᠰᠢᠷᠣᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠶᠠᠪᠤᠴᠠ ᠳᠠᠬᠢ ᠲᠤᠰᠬᠠᠢ ᠮᠡᠷᠭᠡᠵᠢᠯ ᠤᠨ ᠴᠢᠳᠠᠪᠤᠷᠢ ᠵᠢᠴᠢ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠪᠣᠯᠪᠠᠰᠤᠷᠠᠯ ᠤᠨ ᠠᠵᠢᠯᠯᠠᠭ᠎ᠠ ᠶᠢ ᠠᠰᠢᠭᠯᠠᠨ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠶᠡᠳᠡᠭᠦᠯᠦᠭᠴᠢ ᠶᠢᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠵᠤ᠂ ᠬᠥᠳᠡᠭᠡ ᠲᠣᠰᠬᠤᠨ ᠤ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号