ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
      7 ᠰᠠᠷ᠎ᠠ ᠶᠢᠨ 6 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠤ ᠬᠤᠷᠠᠯ ᠡᠷᠭᠢᠯᠠᠪᠠ᠃        ᠬᠤᠷᠠᠯ ᠠᠴᠠ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ  ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ  ᠢ ᠲᠦᠯᠬᠢᠨ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠳᠡᠭᠡᠷ᠎ᠡ᠂ ᠯᠢᠦ ᠬᠠᠢ ᠲᠤᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠡᠩ ᠤᠨ ᠵᠤᠷᠰᠢᠯ ᠠᠴᠠ ᠬᠡᠲᠦᠷᠡᠭᠦᠯᠦᠨ ᠭᠦᠨᠵᠡᠭᠡᠶᠢᠷᠡᠭᠦᠯᠦᠨ ᠠᠬᠢᠭᠤᠯᠬᠤ ᠶᠢ ᠪᠠᠲᠤᠯᠠᠵᠤ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠳᠠᠬᠢᠨ ᠳᠡᠭᠡᠭᠰᠢᠯᠡᠭᠦᠯᠵᠦ᠂ ᠴᠡᠭᠴᠡᠯᠡᠨ ᠵᠠᠰᠠᠵᠤ ᠴᠡᠭᠴᠡᠯᠡᠨ ᠵᠠᠰᠠᠬᠤ ᠳᠤ ᠳᠠᠬᠢᠨ ᠬᠦᠴᠦ ᠨᠡᠮᠡᠵᠦ᠂ ᠠᠵᠢᠯ ᠶᠠᠪᠤᠳᠠᠯ ᠤᠨ ᠡᠷᠬᠡ ᠶᠢᠨ ᠬᠠᠷᠢᠭᠤᠴᠠᠯᠭ᠎ᠠ ᠪᠠᠨ ᠳᠠᠬᠢᠨ ᠲᠣᠳᠣᠷᠬᠠᠶᠢᠯᠠᠵᠤ᠂ ᠨᠡᠶᠢᠲᠡᠯᠢᠭ ᠠᠷᠭ᠎ᠠ ᠬᠢᠳᠡᠯ ᠢᠶᠠᠨ ᠳᠠᠬᠢᠨ ᠪᠣᠯᠪᠠᠰᠤᠷᠠᠭᠤᠯᠵᠤ᠂ ᠲᠤᠰᠬᠠᠢ ᠰᠡᠳᠦᠪᠲᠦ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠤᠨ ᠪᠠᠶᠢᠳᠠᠯ ᠢᠶᠠᠨ ᠳᠣᠲᠣᠷ᠎ᠠ ᠪᠠᠨ ᠲᠤᠭ᠎ᠠ ᠲᠠᠢ᠂ ᠳᠣᠲᠣᠷ᠎ᠠ ᠪᠠᠨ ᠲᠤᠭ᠎ᠠ ᠲᠠᠢ ᠪᠠᠶᠢᠯᠭᠠᠬᠤ ᠬᠡᠷᠡᠭᠲᠡᠢ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠣᠰ ᠬᠦᠷᠢᠶ᠎ᠡ ᠴᠠᠷᠠᠭ᠎ᠠ ᠲᠣᠰ ᠰᠠᠯᠠᠭ᠎ᠠ ᠮᠥᠴᠢᠷ ᠤᠨ ᠢᠶᠠᠨ ᠪᠣᠳᠠᠲᠠᠢ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠰᠤᠳᠤᠯᠤᠨ ᠮᠠᠭᠠᠳᠯᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠶᠢ ᠠᠳᠬᠤᠨ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠴᠡᠭᠴᠡᠯᠡᠨ ᠵᠠᠰᠠᠬᠤ ᠡᠭᠦᠷᠭᠡ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠰᠠᠭᠤᠳᠠᠯ ᠢ ᠨᠠᠩ ᠣᠨᠣᠪᠴᠢᠲᠠᠶ ᠡᠷᠢᠵᠦ ᠣᠯᠬᠤ᠂ ᠠᠷᠭ᠎ᠠ ᠬᠡᠮᠵᠢᠶ᠎ᠡ ᠪᠠᠨ ᠨᠠᠩ ᠪᠣᠳᠠᠲᠠᠢ ᠳᠤᠷᠠᠳᠬᠤ ᠶᠢ ᠦᠨᠡᠨ ᠬᠦ ᠪᠠᠲᠤᠯᠠᠵᠤ᠂ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ ᠬᠢᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠰᠠᠶᠢᠲᠤᠷ ᠠᠳᠬᠤᠬᠤ ᠶᠢᠨ ᠬᠠᠮᠲᠤ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠦᠷ᠎ᠡ ᠠᠰᠢᠭ ᠲᠦᠷᠭᠡᠨ ᠭᠠᠷᠬᠤ᠂ ᠤᠯᠠᠨ ᠲᠦᠮᠡᠨ ᠳᠤ ᠮᠡᠳᠡᠷᠡᠭᠳᠡᠬᠦ‍ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠬᠦ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃      ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠸᠠᠩ ᠮᠠᠨ ᠯᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠢᠦᠢ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号