ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠨ᠎ᠡ ᠵᠠᠮ ᠢ ᠢᠳᠡᠪᠬᠢᠲᠡᠢ ᠡᠷᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2024/7/9
    ᠣᠶᠢᠷ᠎ᠠ ᠶᠢᠨ ᠵᠢᠯ ᠤᠳ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠵᠢᠭᠤᠯᠴᠢᠯᠠᠯ ᠤᠨ ᠠᠵᠤ ᠠᠬᠤᠢ ᠶᠢ ᠬᠥᠭᠵᠢᠭᠦᠯᠦᠨ᠂ ᠬᠥᠬᠡᠮᠳᠦᠭ ᠨᠣᠭᠤᠭᠠᠨ ᠠᠭᠤᠯᠠ ᠤᠰᠤᠨ ᠤ ᠠᠮᠢ ᠠᠬᠤᠢ ᠶᠢᠨ ᠦᠨ᠎ᠡ ᠥᠷᠲᠡᠭ ᠢ ᠭᠦᠢᠴᠡᠳ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠥᠷᠨᠢᠩᠭᠦᠢ ᠬᠥᠭᠵᠢᠯᠲᠡ ᠶᠢ ᠬᠥᠭᠵᠢᠭᠡᠪᠡ᠃  ︽ᠪᠢ ᠪᠣᠯ ᠮᠠᠨᠵᠤ ᠦᠨᠳᠦᠰᠦᠲᠡᠨ ᠤ ᠰᠢᠶᠠᠩ ᠳᠤ ᠲᠥᠷᠥᠵᠦ ᠥᠰᠦᠭᠰᠡᠨ ᠮᠠᠯᠴᠢᠨ ᠮᠥᠨ᠂ ᠡᠨᠡ ᠬᠦ ᠨᠤᠲᠤᠭ ᠪᠡᠯᠴᠢᠭᠡᠷ ᠲᠤ ᠮᠠᠰᠢ ᠶᠡᠭᠡ ᠬᠠᠶᠢᠷ᠎ᠠ ᠰᠡᠳᠬᠢᠯᠭᠡ ᠲᠠᠢ ᠪᠠᠶᠢᠳᠠᠭ᠂ ᠥᠩᠭᠡᠷᠡᠭᠰᠡᠨ ᠳᠤ ᠭᠡᠷ ᠲᠡᠭᠡᠨ 1000 ᠭᠠᠷᠤᠢ ᠬᠤᠨᠢ᠂ 100 ᠭᠠᠷᠤᠢ ᠦᠬᠡᠷ ᠲᠡᠵᠢᠭᠡᠵᠦ ᠪᠠᠶᠢᠭᠰᠠᠨ ᠪᠣᠯᠬᠤᠷ ᠪᠡᠯᠴᠢᠭᠡᠷ ᠤᠨ ᠳᠠᠷᠤᠭᠠᠰᠤ ᠶᠡᠭᠡ ᠪᠠᠶᠢᠭᠰᠠᠨ᠂ ᠪᠢᠳᠠᠨ ᠴᠦ ᠮᠠᠰᠢ ᠶᠠᠳᠠᠷᠠᠵᠤ ᠵᠦᠳᠡᠷᠡᠵᠦ ᠪᠠᠶᠢᠪᠠ᠂ ᠣᠳᠣ ᠵᠢᠭᠤᠯᠴᠢᠯᠠᠯ ᠤᠨ ᠦᠢᠯᠡᠰ ᠬᠢᠬᠦ ᠳᠤ ᠪᠤᠳᠠ ᠪᠤᠭ ᠮᠠᠯ  ᠤᠨ ᠲᠤᠭ᠎ᠠ ᠨᠢ ᠬᠠᠭᠠᠰ ᠢᠶᠠᠷ ᠪᠠᠭᠤᠷᠠᠭᠰᠠᠨ ᠪᠤᠯᠪᠠᠴᠤ᠂ ᠣᠷᠣᠯᠭ᠎ᠠ ᠨᠢ ᠬᠠᠷᠢᠨ ᠡᠳᠦᠢ ᠲᠡᠳᠦᠢ ᠳᠡᠭᠡᠭᠰᠢᠯᠡᠵᠡᠢ᠃︾ ᠭᠡᠵᠡᠢ᠃ ᠮᠠᠯ ᠪᠠ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ ᠳᠤ ᠨᠢᠭᠡ ᠯᠡ ᠬᠥᠭ ᠢᠶᠠᠷ ᠮᠠᠯ ᠮᠠᠯᠵᠢᠬᠤ ᠳᠤ ᠲᠦᠰᠢᠭᠯᠡᠵᠦ᠂ ᠪᠤᠳᠠ ᠪᠤᠭ ᠮᠠᠯ ᠤᠨ ᠬᠠᠳᠠᠭᠠᠯᠠᠮᠵᠢ ᠶᠢ ᠬᠥᠭᠡᠭᠡᠴᠡᠯᠳᠦᠬᠦ  ᠨᠢ ᠬᠥᠭᠵᠢᠯᠲᠡ ᠶᠢᠨ ᠪᠦᠲᠦᠮᠵᠢᠲᠡᠶ ᠠᠷᠭ᠎ᠠ ᠵᠠᠮ ᠪᠢᠰᠢ ᠭᠡᠳᠡᠭ ᠢ ᠪᠠᠢ ᠰᠠᠷᠠᠨ ᠳᠤ ᠨᠠᠩ ᠢᠯᠡᠭᠦᠦ ᠲᠠᠨᠢᠭᠤᠯᠤᠭᠰᠠᠨ ᠪᠠᠶᠢᠨ᠎ᠠ᠃ 2023 ᠣᠨ ᠳᠤ᠂ ᠪᠠᠢ ᠰᠠᠷᠠᠨ ᠣᠶᠢᠷ᠎ᠠ ᠬᠠᠪᠢ ᠶᠢᠨ ᠮᠤᠵᠢ ᠶᠢᠨ ᠳᠡᠰ ᠤᠨ ᠵᠠᠮ ᠤᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ᠰᠤᠳᠤᠨ ᠮᠠᠯᠵᠢᠯ ᠤᠨ ᠲᠠᠯᠠᠪᠠᠶ ᠶᠢ ᠪᠠᠶᠢᠭᠤᠯᠤᠨ ᠮᠠᠯᠵᠢᠬᠤ ᠪᠠ ᠵᠤᠭᠠᠴᠠᠬᠤ ᠳᠤ ᠲᠣᠬᠢᠷᠠᠮᠵᠢᠲᠠᠢ ᠠᠮᠢ ᠠᠬᠤᠢ ᠶᠢᠨ ᠪᠠᠶᠢᠭᠠᠯᠢ ᠶᠢᠨ ᠣᠷᠴᠢᠨ ᠲᠣᠭᠤᠷᠢᠨ ᠢ ᠡᠵᠡᠩᠨᠡᠭᠰᠡᠨ ᠠᠴᠠ᠂ ᠪᠣᠷᠣᠭᠵᠢᠭᠤᠨ᠂ ᠬᠠᠯᠠᠭᠤᠮᠰᠤᠭ᠂ ᠵᠣᠴᠢᠨᠰᠠᠭ ᠮᠠᠯᠴᠢᠳ ᠪᠤᠯᠤᠨ ᠦᠯᠡᠮᠵᠢ ᠣᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠴᠥᠭᠡᠨ ᠪᠤᠰᠤ ᠰᠤᠷᠤᠭᠴᠢᠳ ᠤᠨ ᠰᠤᠳᠤᠯᠤᠨ ᠰᠤᠷᠤᠯᠴᠠᠬᠤ᠂ ᠠᠵᠤ ᠠᠬᠤᠶᠢᠯᠠᠯ ᠺᠣᠮᠫᠠᠨᠢ ᠶᠢᠨ ᠬᠢᠨ ᠤ ᠬᠠᠮᠲᠤ ᠶᠢᠨ ᠪᠠᠶᠢᠭᠤᠯᠤᠯᠲᠠ᠂ ᠤᠯᠠᠨ ᠲᠦᠮᠡᠨ ᠤ ᠲᠠᠯ᠎ᠠ ᠨᠤᠲᠤᠭ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠡᠷᠢᠭᠦᠨ ᠰᠣᠩᠭᠤᠯᠲᠠ ᠪᠣᠯᠤᠭᠰᠠᠨ ᠪᠠᠶᠢᠨ᠎ᠠ᠃  ︽ᠪᠢ ᠰᠤᠳᠤᠨ ᠮᠠᠯᠵᠢᠯ ᠤᠨ ᠲᠠᠯᠠᠪᠠᠶ ᠶᠢ ᠡᠵᠡᠩᠨᠡᠭᠡᠳ ᠵᠢᠯ ᠭᠠᠷᠤᠢ ᠪᠣᠯᠵᠤ ᠪᠠᠶᠢᠨ᠎ᠠ᠂ ᠪᠡᠭᠡᠵᠢᠩ᠂ ᠱᠠᠩᠬᠠᠢ᠂ ᠳ᠋ᠠᠯᠢᠶᠠᠨ᠂ ᠭᠤᠸᠠᠩᠰᠢ ᠵᠡᠷᠭᠡ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠲᠦᠮᠡ ᠭᠠᠷᠤᠢ ᠵᠢᠭᠤᠯᠴᠢᠯᠠᠭᠴᠢᠳ   ᠢ ᠬᠦᠯᠢᠶᠡᠨ ᠠᠪᠴᠤ ᠵᠣᠴᠢᠯᠠᠭᠠᠳ᠂ ᠵᠢᠭᠤᠯᠴᠢᠯᠠᠯ ᠤᠨ ᠣᠷᠣᠯᠭ᠎ᠠ ᠨᠢ 40 ᠭᠠᠷᠤᠢ ᠲᠦᠮᠡᠨ ᠲᠥᠭᠦᠷᠢᠭ ᠲᠤ ᠬᠦᠷᠴᠡᠢ᠃︾ ᠭᠡᠵᠦ ᠪᠠᠢ ᠰᠠᠷᠠᠨ ᠬᠡᠯᠡᠪᠡ᠃      ᠵᠤᠭᠠᠴᠠᠯ ᠤᠨ ᠬᠥᠭᠵᠢᠶᠡᠨᠲᠦ ᠤᠯᠠᠷᠢᠯ ᠪᠤᠯᠪᠠᠯ᠂ ᠪᠠᠢ ᠰᠠᠷᠠᠨ ᠭᠠᠭᠴᠠᠭᠠᠷ ᠠᠮᠵᠢᠬᠤ ᠦᠭᠡᠢ ᠲᠤᠯᠠ᠂ ᠲᠡᠷᠡ ᠡᠷᠬᠢᠨ ᠲᠣᠭᠤᠷᠢᠨ ᠤ ᠮᠠᠯᠴᠢᠳ ᠢ ᠤᠷᠢᠨ ᠬᠠᠪᠰᠤᠷᠤᠭᠤᠯᠵᠤ᠂ ᠡᠳᠦᠷ ᠪᠦᠷᠢ ᠬᠥᠮᠥᠨ ᠪᠦᠷᠢ ᠳᠤ 200 ᠲᠥᠭᠦᠷᠢᠭ ᠤᠨ ᠣᠷᠣᠯᠭ᠎ᠠ ᠨᠡᠮᠡᠭᠳᠡᠭᠦᠯᠬᠦ ᠶᠢᠨ ᠬᠠᠮᠲᠤ ᠵᠤᠭᠠᠴᠠᠭᠰᠠᠳ ᠢ ᠳᠠᠭᠠᠭᠤᠯᠤᠨ ᠣᠶᠢᠷ᠎ᠠ ᠬᠠᠪᠢ ᠶᠢᠨ ᠢᠶᠠᠨ ᠮᠠᠯᠴᠢᠳ ᠤᠨ ᠮᠠᠯᠵᠢᠯ ᠤᠨ ᠭᠠᠵᠠᠷ ᠲᠤ ᠣᠴᠢᠭᠤᠯᠵᠤ ᠪᠤᠤᠪᠤ ᠬᠠᠭᠠᠷᠢᠬᠤ᠂ ᠰᠦ ᠰᠠᠭᠠᠬᠤ᠂ ᠮᠣᠷᠢ ᠤᠨᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠲᠦᠷᠦᠯ ᠵᠦᠢᠯ ᠢ ᠪᠡᠶᠡᠴᠢᠯᠡᠨ ᠣᠶᠢᠯᠠᠭᠠᠭᠤᠯᠵᠤ᠂ ᠥᠪᠡᠷ ᠢᠶᠠᠨ ᠪᠠᠶᠠᠵᠢᠬᠤ ᠲᠡᠳᠦᠢ ᠦᠭᠡᠢ᠂ ᠨᠤᠲᠤᠭ ᠤᠰᠤᠨ ᠤ ᠠᠬ᠎ᠠ ᠳᠡᠭᠦᠦ ᠨᠠᠷ ᠢᠶᠠᠨ ᠳᠠᠭᠠᠭᠤᠯᠤᠨ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号