ᠵᠡᠭᠦᠨ ᠬᠤᠶᠢᠲᠤ ᠶᠢᠨ ᠬᠡᠰᠡᠭ ᠣᠷᠣᠨ ᠤ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠤᠷ ᠤᠨ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/1
     7 ᠰᠠᠷ᠎ᠠ ᠶᠢᠨ 25 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠠᠴᠠ ᠭᠤᠣᠯᠯᠠᠨ ᠡᠷᠭᠢᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠪ ᠠᠴᠠ ᠳᠠᠭᠠᠭᠠᠴᠢᠯᠠᠨ ᠡᠷᠭᠢᠯᠡᠭᠰᠡᠨ ᠵᠡᠭᠦᠨ ᠬᠤᠶᠢᠲᠤ ᠶᠢᠨ ᠬᠡᠰᠡᠭ ᠣᠷᠣᠨ ᠤ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠪᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠭᠠᠵᠠᠷ ᠤᠨ ᠳᠡᠳ᠋ ᠳᠠᠷᠤᠭ᠎ᠠ ᠷᠧᠨ ᠪᠢᠨ ᠶᠤᠸᠠᠨ᠂ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠡᠮ ᠪᠠ ᠪᠠᠭᠠᠵᠢ ᠬᠡᠷᠡᠭᠰᠡᠯ ᠤᠨ ᠭᠠᠵᠠᠷ ᠤᠨ ᠳᠡᠳ᠋ ᠳᠠᠷᠤᠭ᠎ᠠ ᠴᠢᠨ ᠮᠧᠩ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠯᠢ ᠵᠧᠨ ᠯᠢᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠨᠠᠷ ᠠᠵᠢᠯᠯᠠᠭ᠎ᠠ ᠳᠤ ᠣᠷᠣᠯᠴᠠᠵᠠᠢ᠃       ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠳᠤ᠂ ᠬᠤᠷᠠᠯ ᠳᠤ ᠣᠷᠣᠯᠴᠠᠭᠰᠠᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠭᠡᠨ ᠪᠠᠯᠭᠠᠰᠤᠨ ᠤ ᠬᠤᠩ ᠰᠢᠨ ᠲᠣᠰᠬᠤᠨ ᠤ ᠪᠣᠬᠢᠷᠲᠤᠯ ᠦᠭᠡᠢ ᠣᠶᠤᠨᠴᠢ ᠲᠠᠷᠢᠶᠠᠯᠠᠩ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠷᠠᠰᠤᠨ ᠪᠠᠯᠭᠠᠰᠤᠨ ᠤ ᠡᠷᠳᠡᠨᠢ ᠰᠢᠰᠢ ᠶᠢᠨ ᠤᠮᠠᠷᠠᠲᠤ ᠶᠢᠨ ᠪᠣᠭᠤᠮ᠎ᠠ ᠡᠪᠡᠳᠴᠢᠨ ᠢ ᠨᠢᠭᠡᠳᠦᠯᠲᠡᠢ ᠰᠡᠷᠭᠡᠶᠢᠯᠡᠨ ᠵᠠᠰᠠᠬᠤ ᠲᠤᠬᠠᠢ ᠶᠢᠨ ᠲᠠᠯᠠᠪᠠᠶ ᠳᠤ ᠭᠦᠨᠵᠡᠭᠡᠶᠢᠷᠡᠵᠦ᠂ ︽ᠲᠠᠶᠢᠯᠤᠮᠵᠢ + ᠦᠵᠡᠭᠦᠯᠦᠯᠭᠡ︾ ᠶᠢᠨ ᠠᠷᠭ᠎ᠠ ᠪᠠᠷ ᠳᠠᠮᠵᠢᠭᠤᠯᠤᠨ᠂ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠭᠠᠮᠰᠢᠭ᠂ ᠡᠷᠳᠡᠨᠢ ᠰᠢᠰᠢ ᠶᠢᠨ ᠪᠣᠭᠤᠮ᠎ᠠ ᠡᠪᠡᠳᠴᠢᠨ ᠡᠭᠦᠰᠬᠦ ᠪᠠ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠪᠠᠶᠢᠳᠠᠯ ᠳᠤ ᠴᠢᠭᠯᠡᠭᠦᠯᠦᠨ ᠲᠠᠨᠢᠯᠴᠠᠭᠤᠯᠵᠤ᠂ ᠲᠤᠬᠠᠢ ᠶᠢᠨ ᠲᠠᠯᠠᠪᠤᠷ ᠲᠤ ᠡᠷᠳᠡᠨᠢ ᠰᠢᠰᠢ ᠶᠢᠨ ᠪᠣᠭᠤᠮ᠎ᠠ ᠡᠪᠡᠳᠴᠢᠨ ᠤ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠵᠠᠭᠪᠤᠷ ᠢ ᠦᠵᠡᠭᠦᠯᠦᠭᠰᠡᠨ ᠪᠠᠶᠢᠨ᠎ᠠ᠃      ᠳᠠᠷᠠᠭ᠎ᠠ ᠳᠤ ᠨᠢ ᠬᠤᠷᠠᠯᠳᠤᠭᠤᠯᠤᠭᠰᠠᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠵᠡᠭᠦᠨ ᠬᠤᠶᠢᠲᠤ ᠶᠢᠨ ᠬᠡᠰᠡᠭ ᠣᠷᠣᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠥᠯᠥᠭᠡᠯᠡᠭᠴᠢ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠭᠰᠠᠨ ᠪᠠᠶᠢᠳᠠᠯ᠂ ᠡᠷᠳᠡᠨᠢ ᠰᠢᠰᠢ ᠶᠢᠨ ᠪᠣᠭᠤᠮ᠎ᠠ ᠡᠪᠡᠳᠴᠢᠨ ᠢ ᠰᠡᠷᠭᠡᠶᠢᠯᠡᠬᠦ ᠠᠷᠭ᠎ᠠ᠂ ᠵᠣᠬᠢᠶᠠᠨ ᠪᠠᠶᠢᠭᠤᠯᠬᠤ ᠠᠷᠭ᠎ᠠ ᠬᠡᠮᠵᠢᠶ᠎ᠡ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠲᠤᠰ ᠲᠤᠰ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯ ᠤᠯᠤᠰ ᠤᠨ ᠴᠢᠬᠤᠯᠠ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠭᠠᠯᠲᠠ ᠶᠢᠨ ᠰᠠᠭᠤᠷᠢᠨ ᠭᠠᠵᠠᠷ ᠪᠣᠯᠣᠨ᠎ᠠ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠪᠠ ᠠᠭᠤᠷ ᠠᠮᠢᠰᠬᠤᠯ ᠤᠨ ᠬᠤᠪᠢᠷᠠᠯᠲᠠ ᠶᠢ ᠳᠠᠭᠠᠯᠳᠤᠨ᠂ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠭᠠᠮᠰᠢᠭ ᠴᠤ ᠣᠯᠠᠨ ᠶᠠᠩᠵᠤᠲᠤ ᠴᠢᠨᠠᠷ ᠪᠠ ᠪᠤᠳᠤᠯᠢᠶᠠᠨᠲᠤ ᠴᠢᠨᠠᠷ ᠲᠠᠢ ᠪᠣᠯᠵᠠᠢ᠂ ᠲᠣᠰ ᠤᠳᠠᠭᠠᠨ ᠤ ᠦᠵᠡᠭᠦᠯᠦᠯᠭᠡ ᠶᠢᠨ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠶᠠᠪᠤᠭᠳᠠᠵᠤ᠂ ᠨᠠᠮᠤᠷ ᠤᠨ ᠠᠮᠤ ᠪᠤᠳᠠᠭᠠᠨ ᠤ ᠡᠪᠡᠳᠴᠢᠨ ᠬᠤᠷᠣᠬᠠᠢ ᠶᠢᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠨᠠᠩ ᠰᠠᠶᠢᠲᠤᠷ ᠲᠦᠯᠬᠢᠨ ᠠᠬᠢᠭᠤᠯᠵᠤ᠂ ᠨᠠᠮᠤᠷ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号