ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ 3 ᠤᠭᠤᠯᠢ ᠰᠢᠪᠠᠭᠤ ᠶᠢ ᠡᠭᠡ ᠪᠠᠶᠢᠭᠠᠯᠢ ᠳᠤ ᠨᠢ ᠪᠤᠴᠠᠭᠠᠨ ᠨᠢᠰᠬᠡᠪᠡ
ᠨᠡᠶᠢᠲᠡᠯᠡᠭᠰᠡᠨ ᠴᠠᠭ᠄
2024/8/1
    7 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠠᠰᠤᠭ ᠤᠨ ᠠᠵᠢᠯᠲᠠᠳ ᠬᠤᠰᠢᠭᠤᠨ ᠤ ᠤᠷᠴᠢᠨ ᠲᠤᠭᠤᠷᠢᠨ ᠢᠳᠡᠭᠡᠨ ᠤᠮᠳᠠᠭᠠᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ  ᠲᠠᠢ ᠬᠤᠯᠪᠤᠭᠠᠯᠠᠨ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠠᠮᠲᠤᠷᠠᠨ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠤᠯᠬᠤ 3 ᠤᠭᠤᠯᠢ ᠰᠢᠪᠠᠭᠤ ᠶᠢ ᠡᠭᠡ ᠪᠠᠶᠢᠭᠠᠯᠢ ᠳᠤ ᠨᠢ ᠠᠮᠵᠢᠯᠲᠠ ᠲᠠᠢ ᠪᠠᠷ ᠲᠠᠯᠪᠢᠪᠠ᠃      ᠣᠶᠢᠯᠠᠭᠠᠭᠰᠠᠨ ᠢᠶᠠᠷ᠂ ᠡᠨᠡ ᠤᠳᠠᠭ᠎ᠠ  ᠶᠢᠨ ᠳᠠᠯᠪᠢᠨ ᠶᠠᠪᠤᠭᠤᠯᠤᠭᠰᠠᠨ ᠤᠭᠤᠯᠢ ᠪᠤᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠲᠦᠭᠡᠷ ᠪᠠᠯᠭᠠᠰᠤᠨ ᠤ ᠵᠢᠩ ᠶᠠᠩ ᠲᠣᠰᠬᠤᠨ ᠤ ᠠᠷᠠᠳ ᠵᠤ᠋ ᠷᠦ᠋ ᠴᠠᠩ ᠠᠪᠤᠷᠠᠨ ᠲᠤᠰᠠᠯᠠᠭᠰᠠᠨ ᠢ ᠣᠯᠵᠤ ᠮᠠᠲᠠᠵᠠᠢ᠂ ᠲᠤᠬᠠᠢ  ᠶᠢᠨ ᠦᠶ᠎ᠡ ᠳᠤ ᠲᠡᠷᠡ 3 ᠪᠢᠴᠢᠬᠠᠨ ᠤᠭᠤᠯᠢ ᠡᠬᠡ ᠠᠴᠠ ᠪᠠᠨ ᠰᠠᠯᠵᠤ ᠠᠮᠢᠰᠬᠤᠯ ᠲᠠᠰᠤᠷᠠᠬᠤ ᠰᠢᠬᠠᠵᠤ᠂ ᠲᠤᠶᠢᠯ ᠤᠨ ᠬᠥᠭᠡᠷᠦᠬᠦᠶᠢᠯᠡᠯᠲᠡᠢ ᠪᠠᠶᠢᠭᠰᠠᠨ ᠪᠣᠯᠬᠤᠷ ᠳᠡᠭᠦᠨ ᠢ ᠠᠪᠤᠷᠠᠨ ᠲᠤᠰᠠᠯᠠᠬᠤ ᠪᠠᠷ ᠲᠣᠭᠲᠠᠵᠠᠢ᠃ 60 ᠭᠠᠷᠤᠢ ᠡᠳᠦᠷ ᠤᠨ ᠨᠠᠷᠢᠨ ᠨᠢᠮᠪᠠᠢ ᠬᠠᠷᠠᠭᠠᠯᠵᠠᠨ ᠰᠤᠪᠢᠯᠠᠬᠤ ᠪᠠᠷ ᠳᠡᠮᠵᠢᠨ᠂ 3 ᠰᠢᠪᠠᠭᠤ ᠨᠢ ᠡᠳᠦᠷ ᠢᠷᠡᠬᠦᠶ᠎ᠡ ᠬᠦᠴᠦ ᠳᠣᠷᠪᠢᠲᠠᠢ᠂ ᠴᠤᠭ ᠵᠢᠪᠬᠤᠭ᠎ᠠ ᠰᠠᠶᠢᠲᠠᠢ᠂ ᠪᠡᠶ᠎ᠡ ᠮᠠᠬᠠᠪᠤᠳ ᠤᠨ ᠡᠯ᠎ᠡ ᠵᠦᠢᠯ ᠤᠨ ᠠᠵᠢᠯᠯᠠᠭ᠎ᠠ ᠨᠢ ᠬᠡᠪ ᠤᠨ ᠪᠠᠶᠢᠳᠠᠯ ᠳᠤ ᠣᠷᠣᠵᠤ᠂ ᠬᠡᠭᠡᠷ᠎ᠡ ᠭᠠᠳᠠᠨ᠎ᠠ ᠲᠠᠯᠪᠢᠬᠤ ᠨᠥᠬᠦᠴᠡᠯ  ᠢ ᠪᠦᠷᠢᠯᠳᠦᠭᠦᠯᠦᠭᠰᠡᠨ ᠪᠠᠶᠢᠨ᠎ᠠ᠃       ᠤᠭᠤᠯᠢ ᠰᠢᠪᠠᠭᠤ ᠪᠣᠯ ᠵᠡᠭᠦᠨ ᠡᠮᠦᠨᠡᠲᠦ ᠠᠽᠢᠶ᠎ᠠ  ᠶᠢᠨ ᠲᠥᠷᠥᠯ ᠳᠤ ᠪᠠᠭᠲᠠᠨ᠎ᠠ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ  ᠶᠢᠨ ᠠᠮᠢᠲᠠᠨ᠂ ᠳᠡᠯᠡᠬᠡᠢ ᠳᠡᠭᠡᠷᠡᠬᠢ ᠬᠠᠮᠤᠭ ᠲᠣᠮᠣ ᠣᠭᠤᠯᠢ  ᠶᠢᠨ ᠨᠢᠭᠡ᠃ ᠪᠡᠶ᠎ᠡ  ᠶᠢᠨ ᠬᠦᠨᠳᠦ ᠨᠢ 2-3 ᠺᠢᠯᠣᠭ᠍ᠷᠠᠮ ᠭᠥᠷᠳᠡᠭ᠃ ᠡᠨᠡ ᠤᠳᠠᠭᠠᠨ ᠤ ᠬᠡᠭᠡᠷ᠎ᠡ ᠲᠠᠯ᠎ᠠ ᠳᠤ ᠲᠠᠯᠪᠢᠭᠰᠠᠨ ᠤᠭᠤᠯᠢ   ᠶᠢᠨ ᠪᠡᠶ᠎ᠡ  ᠶᠢᠨ ᠬᠦᠨᠳᠦ ᠨᠢ 2 ᠺᠢᠯᠣᠭ᠍ᠷᠠᠮ ᠰᠢᠬᠠᠮ ᠪᠠᠶᠢᠵᠤ᠂ ᠨᠢᠰᠬᠡᠬᠦ ᠭᠠᠵᠠᠷ  ᠢ ᠨᠢ ᠴᠦ ᠨᠠᠷᠢᠨ ᠰᠢᠯᠢᠵᠦ᠂ ᠤᠰᠤᠨ ᠤ ᠰᠤᠷᠪᠤᠯᠵᠢ᠂ ᠢᠳᠡᠭᠡᠨ ᠤ ᠵᠦᠢᠯ ᠭᠦᠢᠴᠡᠳ᠂ ᠠᠳᠠᠯᠢ ᠲᠥᠷᠥᠯ ᠨᠢ ᠨᠡᠯᠢᠶᠡᠳ ᠣᠯᠠᠨ ᠪᠠᠶᠢᠳᠠᠭ᠃      ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤᠯᠠᠮ ᠢᠶᠠᠷ ᠰᠠᠶᠢᠵᠢᠷᠠᠬᠤ ᠶᠢ ᠳᠠᠭᠠᠯᠳᠤᠨ᠂ ᠬᠡᠭᠡᠷ᠎ᠡ ᠶᠢᠨ ᠰᠢᠪᠠᠭᠤᠨ ᠤ ᠲᠥᠷᠥᠯ ᠤᠯᠠᠮ ᠢᠶᠠᠷ ᠣᠯᠠᠰᠢᠷᠠᠪᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠠᠰᠤᠭ ᠤᠨ ᠠᠵᠢᠯᠲᠠᠳ ᠥᠷᠭᠡᠨ ᠣᠯᠠᠨ ᠲᠦᠮᠡᠨ ᠢ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠬᠥᠮᠥᠨ ᠪᠦᠬᠦᠨ ᠬᠠᠯᠠᠮᠵᠢᠯᠠᠬᠤ᠂ ᠳᠡᠮᠵᠢᠬᠦ ᠪᠠ ᠬᠠᠮᠵᠢᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠬᠤ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号