ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ︽ᠦᠪᠦᠷ ᠮᠣᠩᠭᠤᠯ · ᠬᠠᠶᠢᠳᠢᠶᠠᠨ ᠲᠤᠭᠤᠷᠢᠭ ︾ ᠤᠨ ᠠᠵᠢᠯᠴᠢᠨ ᠤ ᠡᠪᠯᠡᠯ ᠤᠨ ᠪᠠᠭᠰᠢ ᠨᠢ ᠱᠠᠪᠢ ᠪᠠᠨ ᠳᠠᠭᠠᠭᠤᠯᠤᠨ ᠰᠤᠳᠤᠯᠤᠨ ᠶᠠᠷᠢᠯᠴᠠᠵᠤ ᠰᠣᠯᠢᠯᠴᠠᠬᠤ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/10
     ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ︽ᠦᠪᠦᠷ ᠮᠣᠩᠭᠤᠯ · ᠬᠠᠶᠢᠳᠢᠶᠠᠨ ᠲᠤᠭᠤᠷᠢᠭ︾ ᠤᠨ ᠠᠵᠢᠯᠴᠢᠨ ᠤ ᠡᠪᠯᠡᠯ ᠤᠨ ᠪᠠᠭᠰᠢ  ᠨᠢ ᠱᠠᠪᠢ ᠪᠠᠨ ᠳᠠᠭᠠᠭᠤᠯᠬᠤ ᠲᠥᠷᠥᠯ ᠵᠦᠢᠯ ᠤᠨ ᠭᠦᠨᠵᠡᠭᠡᠶᠢᠷᠡᠨ ᠯᠠᠪᠳᠠᠭᠤᠨ ᠪᠣᠳᠠᠲᠠᠢ ᠪᠠᠷ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 6 ᠤ ᠡᠳᠦᠷ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠵᠠᠩ ᠬᠤᠸᠠᠨ ᠰᠢᠯᠢᠳᠡᠭ ᠠᠵᠤ ᠠᠬᠤᠶᠢᠯᠠᠯ᠂ ᠠᠵᠢᠯ ᠲᠥᠷᠥᠯ ᠤᠨ ᠨᠠᠷᠠᠲᠤ ᠪᠠᠭᠰᠢ ᠨᠠᠷ ᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠤ ︽ᠦᠪᠦᠷ ᠮᠣᠩᠭᠤᠯ · ᠬᠠᠶᠢᠳᠢᠶᠠᠨ ᠲᠤᠭᠤᠷᠢᠭ︾ ‍ᠤᠨ‌ᠠᠵᠢᠯᠴᠢᠨ ᠤ ᠡᠪᠯᠡᠯ ᠤᠨ ᠪᠠᠭᠰᠢ ᠨᠢ ᠱᠠᠪᠢ ᠪᠠᠨ ᠳᠠᠭᠠᠭᠤᠯᠤᠨ ᠰᠤᠳᠤᠯᠤᠨ ᠶᠠᠷᠢᠯᠴᠠᠵᠤ ᠰᠠᠭᠤᠳᠠᠯ ᠤᠨ ᠬᠤᠷᠠᠯ ᠬᠢᠭᠰᠡᠨ ᠪᠥᠭᠡᠳ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠠᠤᠬᠠᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ︽ᠦᠪᠦᠷ ᠮᠣᠩᠭᠤᠯ · ᠬᠠᠶᠢᠳᠢᠶᠠᠨ ᠲᠤᠭᠤᠷᠢᠭ︾ ᠤᠨ 8 ᠬᠤᠤᠰ ᠪᠠᠭᠰᠢ ᠱᠠᠪᠢ ᠨᠠᠷ ᠠᠵᠤ ᠠᠬᠤᠶᠢᠯᠠᠯ ᠤᠨ ᠠᠵᠤ ᠦᠢᠯᠡᠰ ᠤᠨ ᠣᠳᠣᠬᠢ ᠪᠠᠶᠢᠳᠠᠯ᠂ ᠬᠥᠭᠵᠢᠯᠲᠡ ᠶᠢᠨ ᠦᠷ᠎ᠡ ᠪᠦᠲᠦᠭᠡᠯ᠂ ᠬᠥᠭᠵᠢᠯᠲᠡ ᠶᠢᠨ ᠢᠷᠡᠭᠡᠳᠦᠢ᠂ ᠢᠷᠡᠭᠡᠳᠦᠢ ᠶᠢᠨ ᠲᠥᠯᠥᠪᠯᠡᠭᠡ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃     ᠵᠠᠩ ᠬᠤᠸᠠᠨ ᠢᠯᠡᠷᠬᠡᠶᠢᠯᠡᠬᠦ ᠳᠡᠭᠡᠨ᠂ ︽ᠦᠪᠦᠷ ᠮᠣᠩᠭᠤᠯ · ᠬᠠᠶᠢᠳᠢᠶᠠᠨ ᠲᠤᠭᠤᠷᠢᠭ︾ ᠤᠨ ᠠᠵᠢᠯᠴᠢᠨ ᠤ ᠡᠪᠯᠡᠯ ᠤᠨ ᠪᠠᠭᠰᠢ ᠨᠢ ᠱᠠᠪᠢ ᠪᠠᠨ ᠳᠠᠭᠠᠭᠤᠯᠬᠤ ᠲᠥᠷᠥᠯ ᠵᠦᠢᠯ ᠨᠢ ᠥᠪᠥᠷ ᠮᠣᠩᠭᠤᠯ ᠤᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠷᠠᠯᠴᠠᠭᠠᠨ ᠤ ᠰᠢᠨ᠎ᠡ ᠣᠷᠣᠨ ᠵᠠᠢ ᠶᠢ ᠲᠦᠯᠬᠢᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤᠮᠳᠠ ᠣᠷᠣᠨ ᠪᠦᠰᠡ ᠶᠢᠨ ᠬᠠᠮᠲᠤᠷᠠᠯᠴᠠᠭᠠᠨ ᠤ ᠥᠯᠢᠭᠡᠷ ᠵᠢᠱᠢᠶ᠎ᠡ ᠶᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠨᠠᠩ ᠳᠡᠭᠡᠳᠦ ᠲᠠᠰ ᠳᠠᠪᠬᠤᠷᠭ᠎ᠠ ᠶᠢᠨ ᠬᠠᠷᠢᠯᠴᠠᠨ ᠦᠢᠯᠡᠳᠦᠯᠴᠡᠵᠦ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠦᠨ᠎ᠡ ᠭᠡᠵᠡᠢ᠃ ︽ᠦᠪᠦᠷ ᠮᠣᠩᠭᠤᠯ · ᠬᠠᠶᠢᠳᠢᠶᠠᠨ ᠲᠤᠭᠤᠷᠢᠭ︾ ᠤᠨ ᠠᠵᠢᠯᠴᠢᠨ ᠤ ᠡᠪᠯᠡᠯ ᠤᠨ ᠪᠠᠭᠰᠢ ᠨᠢ ᠱᠠᠪᠢ ᠪᠠᠨ ᠳᠠᠭᠠᠭᠤᠯᠬᠤ ᠲᠥᠷᠥᠯ ᠵᠦᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠬᠤ ᠥᠯᠢᠭᠡᠷ ᠵᠢᠱᠢᠶ᠎ᠡ ᠪᠣᠯᠬᠤ ᠶᠢ ᠬᠦᠰᠡᠵᠦ ᠪᠠᠶᠢᠨ᠎ᠠ ᠭᠡᠵᠡᠢ᠃      ᠸᠠᠩ ᠮᠧᠩ ᠢᠯᠡᠷᠬᠡᠶᠢᠯᠡᠬᠦ ᠳᠡᠭᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠬᠠᠶᠢᠳᠢᠶᠠᠨ ᠲᠣᠭᠤᠷᠢᠭ ᠤᠨ ᠬᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠠᠩ ᠣᠷᠳᠣ ᠬᠤᠭᠤᠴᠠᠭᠠᠨ ᠤ ᠲᠣᠭᠲᠠᠭᠤᠨ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠤᠨ᠂ ︽ᠦᠪᠦᠷ ᠮᠣᠩᠭᠤᠯ · ᠬᠠᠶᠢᠳᠢᠶᠠᠨ ᠲᠤᠭᠤᠷᠢᠭ︾ ᠤᠨ ᠠᠵᠢᠯᠴᠢᠨ ᠤ ᠡᠪᠯᠡᠯ ᠤᠨ ᠬᠠᠮᠵᠢᠯᠴᠠᠭᠠᠨ ᠤ ᠥᠯᠢᠭᠡᠷ ᠳᠠᠭᠤᠷᠢᠶᠠᠯ ᠣᠷᠣᠨ ᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ  ᠬᠢᠨ ᠬᠤᠶᠠᠷ ᠭᠠᠵᠠᠷ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠰᠠᠭᠤᠷᠢᠯᠠᠵᠤ᠂ ︽ᠦᠪᠦᠷ ᠮᠣᠩᠭᠤᠯ · ᠬᠠᠶᠢᠳᠢᠶᠠᠨ ᠲᠤᠭᠤᠷᠢᠭ︾ ᠤᠨ ᠠᠵᠢᠯᠴᠢᠨ ᠤ ᠡᠪᠯᠡᠯ ᠤᠨ ᠪᠠᠭᠰᠢ ᠨᠢ ᠱᠠᠪᠢ  ᠪᠠᠨ ᠳᠠᠭᠠᠭᠤᠯᠬᠤ ᠲᠦᠷᠦᠯ ᠵᠦᠢᠯ ᠤᠨ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠬᠤ᠂ ᠪᠣᠳᠠᠲᠤ ᠠᠵᠢᠯᠯᠠᠭ᠎ᠠ ᠳᠤ ᠦᠷ᠎ᠡ ᠪᠦᠲᠦᠮᠵᠢ ᠭᠠᠷᠭᠠᠬᠤ ᠶᠢ ᠬᠠᠮᠲᠤᠪᠠᠷ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠬᠤᠷᠠᠯ ᠤᠨ ᠲᠠᠷᠠᠭ᠎ᠠ᠂ ᠵᠠᠩ ᠬᠤᠸᠠᠨ ᠨᠠᠷ ᠤᠷᠢᠳ ᠬᠤᠵᠢᠳ ᠬᠢᠩᠭᠠᠨ ᠠᠶᠢᠮᠠᠭ ᠤᠨ ᠢᠳᠡᠭᠡᠨ ᠤᠮᠳᠠᠭᠠᠨ ᠪᠠ ᠵᠣᠴᠢᠳ ᠤᠨ ᠪᠠᠭᠤᠳᠠᠯ ᠤᠨ ᠠᠵᠢᠯ ᠲᠦᠷᠦᠯ ᠤᠨ ᠨᠡᠶᠢᠭᠡᠮᠯᠢᠭ᠂ ᠵᠢᠷᠭᠠᠯ ᠮᠣᠩᠭᠤᠯ ᠬᠤᠭᠤᠯᠠ᠂ ᠮᠧᠩ ᠳ᠋ᠢ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 6 ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠡᠭᠦᠨ ᠤ ᠬᠠᠮᠲᠤ᠂ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠰᠢᠨ᠎ᠡ ᠬᠠᠮᠲᠤᠷᠠᠯᠴᠠᠭ᠎ᠠ ᠰᠢᠨ᠎ᠡ ᠠᠵᠠ ᠲᠣᠬᠢᠶᠠᠯ ᠢ ᠥᠷᠭᠡᠳᠬᠡᠵᠦ᠂ ᠬᠤᠶᠠᠷ ᠭᠠᠵᠠᠷ ᠤᠨ ᠪᠦᠬᠦ ᠲᠠᠯ᠎ᠠ ᠶᠢᠨ᠂ ᠤᠯᠠᠨ ᠬᠦᠷᠢᠶᠡᠨ ᠤ᠂ ᠭᠦᠨ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号