ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠪᠠᠶᠢᠩᠭᠤᠵᠢᠭᠤᠯᠵᠤ ᠬᠢᠨᠠᠨ ᠬᠠᠮᠢᠶᠠᠷᠬᠤ ᠲᠠᠪᠴᠠᠩ ᠪᠠᠶᠢᠭᠤᠯᠬᠤ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/11
     ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠣᠶᠤᠨᠴᠢᠯᠠᠭᠰᠠᠨ ᠬᠢᠨᠠᠨ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠵᠤ᠂ ᠪᠠᠶᠢᠩᠭᠤᠵᠢᠭᠰᠠᠨ ᠬᠢᠨᠠᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 1 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠪᠠᠶᠢᠩᠭᠤᠵᠢᠭᠰᠠᠨ ᠬᠢᠨᠠᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠨᠡᠶᠢᠲᠡ 200 ᠭᠠᠷᠤᠢ ᠬᠥᠮᠥᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃     ᠬᠤᠷᠠᠯ ᠳᠡᠭᠡᠷ᠎ᠡ᠂ ᠰᠢᠰᠲ᠋ᠧᠮ ᠤᠨ ᠢᠨᠵᠧᠨᠧᠷ ᠲᠤᠬᠠᠢ ᠶᠢᠨ ᠲᠠᠯᠠᠪᠤᠷ ᠲᠤ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠪᠠᠶᠢᠩᠭᠤᠵᠢᠭᠤᠯᠤᠭᠰᠠᠨ ᠬᠢᠨᠠᠨ ᠬᠠᠮᠢᠶᠠᠷᠬᠤ ᠲᠠᠪᠴᠠᠩ ᠤᠨ ᠮᠡᠷᠭᠡᠵᠢᠯ ᠤᠨ ᠦᠢᠯᠡᠴᠢᠯᠡᠭᠡᠨ ᠤ ᠲᠥᠰᠥᠯ ᠢ ᠲᠠᠨᠢᠯᠴᠠᠭᠤᠯᠵᠤ᠂ ᠲᠣᠭᠲᠠᠮᠠᠯ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ︽ᠨᠢᠭᠡ ᠬᠥᠮᠥᠷᠭᠡᠵᠢᠭᠦᠯᠬᠦ︾ ᠬᠠᠮᠢᠶᠠᠷᠤᠯᠲᠠ᠂ ᠨᠡᠬᠡᠮᠵᠢᠯᠡᠬᠦ ᠺᠣᠳ᠋ ᠴᠤᠭᠯᠠᠭᠤᠯᠬᠤ ᠪᠠ ᠬᠡᠷᠡᠭᠯᠡᠬᠦ᠂ ERP ᠰᠢᠰᠲ᠋ᠧᠮ ᠢ ᠡᠮ ᠤᠨ ᠳᠡᠯᠭᠡᠭᠦᠷ ᠤᠨ ᠪᠠᠶᠢᠩᠭᠤᠵᠢᠭᠤᠯᠤᠭᠰᠠᠨ ᠬᠢᠨᠠᠨ ᠬᠠᠮᠢᠶᠠᠷᠬᠤ ᠲᠠᠪᠴᠠᠩ ᠲᠠᠢ ᠵᠣᠯᠭᠠᠭᠤᠯᠬᠤ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠭᠰᠡᠨ ᠪᠥᠭᠡᠳ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠡᠳᠡᠨ ᠤ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠲᠥᠭᠡᠷᠢᠭᠳᠡᠯ ᠢ ᠨᠢ ᠲᠠᠶᠢᠯᠤᠭᠰᠠᠨ ᠪᠠᠶᠢᠨ᠎ᠠ᠃     ᠬᠤᠷᠠᠯ  ᠠᠴᠠ ᠵᠢᠭᠠᠵᠤ ᠭᠠᠷᠭᠠᠭᠰᠠᠨ ᠨᠢ᠂ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠪᠣᠯ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠴᠢᠬᠤᠯᠠ ᠪᠦᠬᠦᠢ ᠠᠷᠭ᠎ᠠ ᠪᠠᠷᠢᠯ ᠮᠥᠨ᠃ ᠡᠯ᠎ᠡ ᠴᠢᠭ᠋ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠴᠢᠬᠤᠯᠠ ᠴᠢᠨᠠᠷ ᠢ ᠭᠦᠢᠴᠡᠳ ᠲᠠᠨᠢᠵᠤ᠂ ᠢᠳᠡᠪᠬᠢᠲᠡᠢ ᠪᠠᠷ ᠪᠡᠯᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠷᠠᠯ  ᠠᠴᠠ ᠱᠠᠭᠠᠷᠳᠠᠭᠰᠠᠨ ᠨᠢ᠂ ᠡᠯ᠎ᠡ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠡᠷᠬᠡᠪᠰᠢ ︽ᠣᠷᠣᠭᠤᠯᠵᠤ ᠪᠣᠷᠣᠯᠠᠭᠤᠯᠬᠤ ᠬᠠᠳᠠᠭᠠᠯᠠᠬᠤ︾ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠠᠮᠵᠢᠭᠤᠯᠵᠤ᠂ ︽ᠨᠢᠭᠡ ᠬᠥᠮᠥᠷᠭᠡᠵᠢᠭᠦᠯᠬᠦ︾ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠮᠥᠷᠳᠡᠨ ᠤᠬᠤᠴᠢᠯᠠᠬᠤ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠠᠵᠢᠯ ᠢ ᠥᠷᠨᠢᠭᠦᠯᠵᠦ᠂ ᠱᠠᠭᠠᠷᠳᠠᠯᠭ᠎ᠠ ᠶᠣᠰᠣᠭᠠᠷ ERP ᠰᠢᠰᠲ᠋ᠧᠮ ᠤᠨ ᠲᠥᠷᠥᠯ ᠬᠤᠪᠢᠶᠠᠨ ᠬᠠᠮᠢᠶᠠᠷᠬᠤ᠂ ᠡᠮ ᠤᠨ ᠵᠦᠢᠯ ᠤᠨ ᠰᠠᠭᠤᠷᠢ ᠮᠡᠳᠡᠭᠡ ᠵᠠᠩᠭᠢ ᠶᠢ ᠬᠠᠮᠠᠭᠠᠯᠠᠬᠤ᠂ ᠬᠢᠨᠠᠨ ᠬᠠᠮᠢᠶᠠᠷᠬᠤ ᠲᠠᠪᠴᠠᠩ ᠤᠨ ᠵᠠᠯᠭᠠᠭᠠᠰᠤ ᠶᠢ ᠵᠢᠷᠤᠮᠵᠢᠭᠤᠯᠤᠨ ᠥᠭᠡᠷᠡᠴᠢᠯᠡᠬᠦ ᠵᠡᠷᠭᠡ ᠰᠦᠯᠵᠢᠶᠡᠨ ᠳᠤ ᠬᠤᠯᠪᠣᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠡᠮ ᠡᠮᠨᠡᠯᠭᠡ ᠶᠢᠨ ᠳᠠᠭᠠᠳᠬᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠡᠮ ᠡᠮᠨᠡᠯᠭᠡ ᠶᠢᠨ ᠳᠠᠭᠠᠳᠬᠠᠯ ᠤᠨ ᠴᠢᠭ᠋ ᠲᠣᠭᠲᠠᠭᠠᠨ ᠬᠠᠮᠢᠶᠠᠷᠬᠤ ᠵᠥᠪᠯᠡᠯᠴᠡᠭᠡᠷ ᠢ ᠬᠢᠨᠠᠮᠠᠭᠠᠢ ᠡᠵᠡᠮᠰᠢᠨ ᠴᠢᠩᠭ᠎ᠠ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠣᠯᠠᠨ ᠲᠦᠮᠡᠨ ᠳᠤ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号