ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠴᠧᠨ ᠶᠦᠩ ᠱᠧᠩ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/15
     8 ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠴᠧᠨ ᠶᠦᠩ ᠱᠧᠩ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠠᠩ ᠵᠢᠴᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃      ᠴᠧᠨ ᠶᠦᠩ ᠱᠧᠩ ᠨᠠᠷ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠰᠤᠮᠤ ᠶᠢᠨ ᠬᠦᠨᠳᠡᠯᠡᠨ ᠭᠠᠴᠠᠭ᠎ᠠ᠂ ᠸᠠᠩ ᠰᠢᠶᠠᠩ ᠠᠷᠠᠯᠵᠢᠶᠠᠨ ᠤ ᠬᠢᠵᠠᠭᠠᠷᠲᠤ ᠺᠣᠮᠫᠠᠨᠢ ᠵᠢᠴᠢ ᠬᠠᠪᠰᠤᠷᠤᠨ ᠲᠡᠳᠬᠦᠬᠦ ᠡᠷᠦᠬᠡ ᠵᠦ ᠴᠢᠩ ᠹᠠᠩ ᠤᠨ ᠭᠡᠷ ᠲᠤ ᠭᠦᠨᠵᠡᠭᠡᠶᠢᠷᠡᠵᠦ᠂ ᠬᠠᠰᠢᠶᠠᠯᠠᠨ ᠲᠡᠵᠢᠭᠡᠵᠦ ᠦᠷᠡᠵᠢᠭᠦᠯᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠲᠣᠰᠬᠤᠨ ᠳᠤ ᠰᠠᠭᠤᠵᠤ ᠠᠵᠢᠯᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠪᠰᠤᠷᠤᠨ ᠲᠡᠳᠬᠦᠬᠦ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠰᠤᠷᠪᠤᠯᠵᠢᠯᠠᠨ ᠣᠶᠢᠯᠠᠭᠠᠵᠤ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠠᠶᠠᠰᠤᠩᠭᠤᠢ ᠢᠳᠡᠪᠬᠢᠲᠡᠢ ᠠᠮᠢᠳᠤᠷᠠᠯ ᠤᠨ ᠣᠪᠣᠷ ᠲᠠᠢ ᠪᠠᠶᠢᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠨᠡᠩ ᠰᠠᠶᠢᠨ ᠰᠠᠶᠢᠬᠠᠨ ᠰᠢᠨ᠎ᠡ ᠠᠮᠢᠳᠤᠷᠠᠯ ᠢ ᠡᠭᠦᠳᠦᠨ ᠪᠦᠲᠦᠭᠡᠬᠦ ᠶᠢ ᠵᠣᠷᠢᠭᠵᠢᠭᠤᠯᠪᠠ᠃      ᠴᠧᠨ ᠶᠦᠩ ᠱᠧᠩ ᠬᠡᠯᠡᠬᠦ ᠳᠤ ᠪᠠᠨ᠂ ᠤᠯᠠᠨ ᠵᠢᠯ ᠤᠨ ᠲᠤᠷᠰᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠭᠦᠨ ᠵᠤᠵᠠᠭᠠᠨ ᠨᠥᠬᠦᠷᠯᠡᠯ ᠪᠠᠶᠢᠭᠤᠯᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ᠂ ᠲᠣᠰᠬᠤᠨ ᠳᠤ ᠰᠠᠭᠤᠬᠤ ᠠᠵᠢᠯ ᠰᠢᠨ᠎ᠡ ᠦᠷ᠎ᠡ ᠪᠦᠲᠦᠮᠵᠢ ᠣᠯᠵᠠᠢ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠡᠭᠡ ᠳᠡᠭᠡᠳᠦ ᠰᠤᠷᠭᠠᠭᠤᠯᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠤᠷᠭᠠᠭᠤᠯᠢ ᠶᠢᠨ ᠬᠠᠪᠰᠤᠷᠤᠨ ᠲᠡᠳᠬᠦᠬᠦ ᠬᠦᠴᠦᠨ ᠢ ᠭᠦᠢᠴᠡᠳ ᠨᠢᠭᠲᠠᠷᠠᠭᠤᠯᠤᠨ᠂ ᠠᠵᠤ ᠦᠢᠯᠡᠰ ᠤᠨ ᠬᠥᠭᠵᠢᠯᠲᠡ᠂ ᠪᠣᠯᠪᠠᠰᠤᠷᠠᠭᠤᠯᠤᠯ ᠤᠨ ᠰᠤᠳᠤᠯᠭᠠᠨ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠪᠠᠷ ᠣᠷᠳᠣ ᠬᠤᠭᠤᠴᠠᠭ᠎ᠠ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠡᠢ᠃     ᠰᠦᠨ ᠱᠤ᠋ ᠲᠤᠸ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠣᠰᠬᠤᠨ ᠳᠤ ᠰᠠᠭᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠰᠤᠷᠭᠠᠨ ᠬᠥᠮᠦᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠵᠦᠢᠯ ᠤᠨ ᠠᠵᠢᠯ ᠢ ᠶᠡᠭᠡ ᠪᠠᠷ ᠳᠡᠮᠵᠢᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷᠴᠤᠳ ᠦᠨᠡᠨ ᠰᠡᠳᠬᠢᠯ ᠠᠴᠠ ᠪᠠᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ ᠪᠠᠶᠢᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠥᠩᠭᠡᠷᠡᠭᠰᠡᠨ ᠲᠠᠢ ᠪᠠᠨ ᠠᠳᠠᠯᠢ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠦᠷᠭᠦᠯᠵᠢᠯᠡᠨ ᠬᠦᠴᠦ ᠨᠡᠮᠡᠷᠢᠯᠡᠵᠦ᠂ ᠠᠯᠢ ᠣᠯᠠᠨ ᠬᠢᠯᠠᠰ ᠴᠡᠭ ᠲᠠᠢ ᠨᠠᠷᠠᠲᠤ ᠲᠡᠮᠳᠡᠭ᠂ ᠣᠨᠴᠠᠯᠢᠭᠲᠤ ᠠᠵᠤ ᠦᠢᠯᠡᠰ ᠢ ᠬᠠᠮᠲᠤ ᠪᠠᠷ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号