ᠥᠪᠥᠷ ᠮᠣᠩᠭᠤᠯ ᠤᠨ ᠰᠢ ᠪᠧᠢ ᠶᠢᠦ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠲᠥᠷᠥᠯ ᠵᠦᠢᠯ ᠠᠰᠢᠭᠯᠠᠯᠲᠠ ᠳᠤ ᠣᠷᠣᠭᠤᠯᠬᠤ ᠶᠣᠰᠣᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠪᠡ
ᠨᠡᠶᠢᠲᠡᠯᠡᠭᠰᠡᠨ ᠴᠠᠭ᠄
2024/8/18
     8 ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠰᠢ ᠪᠧᠢ ᠶᠢᠦ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠣᠰᠣᠯᠠᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠪᠡ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠯᠢᠶᠠᠩ ᠶᠠᠨ ᠵᠢᠶᠦ᠋ᠨ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ᠂ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠳᠡᠳ᠋ ᠨᠠᠷᠢᠨ ᠪᠢᠴᠢᠭ ᠤᠨ ᠳᠠᠷᠤᠭ᠎ᠠ ᠸᠠᠩ ᠵᠧᠨ ᠭᠦᠸᠧ᠂ ᠠᠶᠢᠮᠠᠭ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠤᠨ ᠰᠢ ᠪᠧᠢ ᠶᠢᠦ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠯᠢᠦ ᠭᠤᠸᠠᠨ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃      ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠳ ᠵᠠᠭᠪᠤᠷ + ᠪᠣᠳᠠᠲᠤ ᠪᠣᠳᠠᠰ ᠤᠨ ᠬᠡᠯᠪᠡᠷᠢ ᠪᠠᠷ ᠤᠰᠤᠲᠥ᠋ᠷᠥᠭᠴᠢ ᠦᠢᠯᠡᠳᠬᠦ ᠲᠥᠬᠦᠭᠡᠷᠦᠮᠵᠢ ᠶᠢᠨ ᠪᠦᠷᠢᠯᠳᠦᠯ ᠵᠢᠴᠢ ᠠᠵᠢᠯᠯᠠᠬᠤ ᠤᠭ ᠶᠣᠰᠣ ᠶᠢ ᠨᠠᠷᠢᠨ ᠲᠠᠶᠢᠯᠪᠤᠷᠢᠯᠠᠪᠠ᠃      ᠯᠢᠶᠠᠩ ᠶᠠᠨ ᠵᠢᠶᠦ᠋ᠨ ᠢᠯᠡᠷᠬᠡᠶᠢᠯᠡᠬᠦ ᠳᠡᠭᠡᠨ᠂ ᠤᠰᠤᠲᠥ᠋ᠷᠥᠭᠴᠢ ᠡᠨᠧᠷᠭᠢ ᠪᠣᠯ ᠰᠠᠨᠠᠭᠠᠨ ᠳᠤ ᠨᠡᠶᠢᠴᠡᠭᠰᠡᠨ ᠴᠡᠪᠡᠷ ᠡᠨᠧᠷᠭᠢ ᠶᠢᠨ ᠰᠤᠷᠪᠤᠯᠵᠢ ᠮᠥᠨ᠂ ᠡᠬᠢ ᠪᠠᠶᠠᠯᠢᠭ ᠡᠯᠪᠡᠭ ᠳᠡᠯᠪᠡᠭ᠂ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠶᠤᠮ᠃ ᠠᠵᠤ ᠠᠬᠤᠶᠢᠯᠠᠯ ᠤᠨ ᠬᠢᠨ ᠤᠰᠤᠲᠥ᠋ᠷᠥᠭᠴᠢ ᠶᠢ ᠦᠢᠯᠡᠳᠬᠦ ᠵᠠᠩᠭᠢᠯᠠᠭ᠎ᠠ ᠶᠢᠨ ᠭᠤᠣᠯᠳᠠᠯᠭ᠎ᠠ ᠶᠢ ᠠᠳᠬᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠶᠢ ᠪᠠᠲᠤᠯᠠᠵᠤ᠂ ᠤᠰᠤᠲᠥ᠋ᠷᠥᠭᠴᠢ ᠶᠢ ᠦᠢᠯᠡᠳᠬᠦ ᠦᠵᠦᠭᠦᠷ ᠤᠨ ᠲᠣᠭᠲᠠᠭᠰᠠᠨ ᠴᠠᠭ ᠲᠠᠭᠠᠨ ᠦᠢᠯᠡᠳᠪᠦᠷᠢᠯᠡᠯ ᠢᠶᠠᠨ ᠡᠬᠢᠯᠡᠭᠦᠯᠬᠦ ᠶᠢ ᠪᠠᠲᠤᠯᠠᠬᠤ ᠶᠢᠨ ᠬᠠᠮᠲᠤ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃     ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠢ ᠪᠧᠢ ᠶᠢᠦ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠤᠯᠤᠰ ᠤᠨ ᠳᠣᠲᠣᠭᠠᠳᠤ ᠶᠢᠨ ᠠᠩᠬᠠᠳᠠᠭᠴᠢ ᠪᠦᠯᠦᠭ ᠶᠡᠭᠡ ᠪᠠᠷᠢᠮᠵᠢᠶᠠᠲᠦ ᠱᠦᠯᠲᠦᠯᠢᠭ ᠤᠰᠤ ᠴᠠᠬᠢᠯᠭᠠᠨ ᠵᠠᠳᠠᠯᠤᠭᠳᠠᠬᠤᠨ ᠤ ᠤᠰᠤᠲᠥ᠋ᠷᠥᠭᠴᠢ ᠶᠢᠨ ᠲᠥᠬᠦᠭᠡᠷᠦᠮᠵᠢ ᠶᠢ ᠬᠠᠩᠭᠠᠵᠤ ᠪᠠᠶᠢᠭ᠎ᠠ ᠠᠵᠤ ᠠᠬᠤᠶᠢᠯᠠᠯ ᠤᠨ ᠨᠢᠭᠡ ᠪᠣᠯᠣᠨ᠎ᠠ᠃ ᠲᠣᠰ ᠤᠳᠠᠭᠠᠨ ᠤ ᠤᠰᠤᠲᠥ᠋ᠷᠥᠭᠴᠢ ᠶᠢ ᠦᠢᠯᠡᠳᠬᠦ ᠲᠥᠬᠦᠭᠡᠷᠦᠮᠵᠢ ᠶᠢᠨ ᠠᠰᠢᠭᠯᠠᠯᠲᠠ ᠨᠢ ᠭᠠᠵᠠᠷ ᠣᠷᠣᠨ ᠤ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠠᠵᠤ ᠦᠢᠯᠡᠳᠪᠦᠷᠢ ᠵᠡᠷᠭᠡ ᠬᠦᠷᠢᠶᠡᠨ ᠳᠠᠬᠢ ᠬᠥᠭᠵᠢᠯᠲᠡ ᠶᠢᠨ ᠵᠠᠭᠪᠤᠷ ᠢ ᠨᠠᠩ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠥᠨᠳᠥᠷ ᠪᠦᠲᠦᠮᠵᠢᠲᠡᠶ ᠴᠢᠭᠯᠡᠯ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠣᠬᠢᠷᠲᠤᠯ ᠦᠭᠡᠢ ᠡᠨᠧᠷᠭᠢ ᠪᠠ ᠨᠡᠭᠦᠷᠡᠰᠦᠲᠥ᠋ᠷᠥᠭᠴᠢ ᠪᠠᠭ᠎ᠠ ᠠᠵᠤ ᠠᠬᠤᠢ ᠶᠢᠨ ᠬᠥᠭᠵᠢᠯᠲᠡ ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠲᠦᠯᠬᠢᠨ ᠠᠬᠢᠭᠤᠯᠬᠤ ᠪᠣᠯᠣᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号