ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2024 ᠣᠨ ᠤ ︽ᠴᠡᠷᠢᠭ ᠤᠨ ᠶᠠᠪᠤᠳᠠᠯ ᠤᠨ ᠡᠳᠦᠷᠯᠢᠭ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/2
     ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠤᠯᠠᠮ ᠴᠢᠨᠠᠭᠰᠢᠳᠠ ᠠᠬᠢᠭᠤᠯᠵᠤ᠂ ᠤᠳᠤᠷᠢᠳᠬᠤ ᠺᠠᠳ᠋ᠷᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠣᠨ ᠴᠡᠷᠢᠭ ᠤᠨ ᠶᠠᠪᠤᠳᠠᠯ ᠤᠨ ᠬᠡᠪ ᠴᠢᠨᠠᠷ ᠢ ᠦᠨᠡᠨᠬᠦ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 31 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ︽ᠴᠡᠷᠢᠭ ᠤᠨ ᠶᠠᠪᠤᠳᠠᠯ ᠤᠨ ᠡᠳᠦᠷᠯᠢᠭ︾ ᠤᠨ ᠠᠵᠢᠯᠯᠠᠭ᠎ᠠ ᠥᠷᠨᠢᠭᠦᠯᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ ᠨᠠᠷ ᠠᠵᠢᠯᠯᠠᠭ᠎ᠠ ᠳᠤ ᠣᠷᠣᠯᠴᠠᠵᠠᠢ᠃      ᠬᠤᠰᠢᠭᠤᠨ ᠳᠤ ᠰᠠᠭᠤᠭ᠎ᠠ ᠨᠢᠭᠡᠨ ᠴᠡᠷᠢᠭ ᠠᠩᠭᠢ ᠳᠤ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ᠴᠡᠷᠢᠭ ᠠᠩᠬᠢ ᠶᠢᠨ ᠪᠠᠶᠢᠷᠢ ᠶᠢᠨ ᠠᠯᠪᠠᠨ ᠠᠰᠠᠷ ᠲᠤ ᠭᠦᠨᠵᠡᠭᠡᠶᠢᠷᠡᠵᠦ᠂ ᠳᠠᠷᠤᠭ᠎ᠠ ᠪᠠᠶᠢᠯᠳᠤᠭᠴᠢᠳ ᠤᠨ ᠠᠵᠢᠯ ᠪᠣᠯᠣᠨ ᠡᠳᠦᠷ ᠳᠤᠳᠤᠮ ᠤᠨ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠴᠡᠷᠢᠭ ᠠᠩᠭᠢ ᠶᠢᠨ ᠲᠥᠪ ᠴᠢᠩᠭ᠎ᠠ ᠰᠠᠬᠢᠯᠭ᠎ᠠ ᠪᠠᠲᠤ ᠪᠣᠯᠣᠨ ᠲᠥᠪ ᠴᠢᠩᠭ᠎ᠠ ᠰᠤᠷᠲᠠᠯ ᠢ ᠣᠶᠢᠯᠠᠭᠠᠪᠠ᠃      ︽ᠴᠡᠷᠢᠭ ᠤᠨ ᠶᠠᠪᠤᠳᠠᠯ ᠤᠨ ᠡᠳᠦᠷᠯᠢᠭ︾ ᠤᠨ ᠠᠵᠢᠯᠯᠠᠭ᠎ᠠ ᠶᠢ ᠥᠷᠨᠢᠭᠦᠯᠬᠦ ᠪᠣᠯ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠳᠦᠷᠢᠮ ᠤᠨ ᠨᠢᠭᠡᠨ ᠴᠢᠬᠤᠯᠠ ᠠᠭᠤᠯᠭ᠎ᠠ ᠮᠥᠨ᠂ ᠲᠡᠷᠡ ᠨᠢ ᠴᠡᠷᠢᠭ ᠠᠩᠭᠢ ᠪᠠ ᠣᠷᠣᠨ ᠨᠤᠲᠤᠭ ᠤᠨ ᠬᠠᠷᠢᠯᠴᠠᠭ᠎ᠠ ᠶᠢ ᠨᠢᠭᠲᠠᠷᠠᠭᠤᠯᠬᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠤᠳᠤᠷᠢᠳᠬᠤ ᠺᠠᠳ᠋ᠷᠴᠤᠳ ᠨᠢᠭᠡ ᠤᠳᠠᠭᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠤᠬᠠᠢ ᠭᠦᠨ ᠭᠦᠨᠵᠡᠭᠡᠢ ᠬᠥᠮᠦᠵᠢᠯ ᠢ ᠬᠦᠷᠲᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠭᠦᠢᠴᠡᠳᠬᠡᠬᠦ ᠲᠤᠬᠠᠢ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠪᠠ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ᠂ ᠵᠣᠷᠢᠭᠲᠠᠢ ᠪᠠᠷ ᠬᠠᠲᠠᠭᠤ ᠳᠠᠶᠢᠯᠠᠯᠳᠤᠭᠠᠨ ᠬᠢᠬᠦ᠂ ᠢᠯᠠᠭᠤᠭᠰᠠᠨ ᠳᠠᠶᠢᠯᠠᠯᠳᠤᠭᠠᠨ ᠬᠢᠬᠦ ᠳᠡᠭᠡᠨ ᠴᠢᠳᠠᠮᠠᠭᠠᠢ ᠪᠠᠶᠢᠬᠤ ᠵᠣᠷᠢᠭ ᠰᠠᠨᠠᠭ᠎ᠠ ᠪᠣᠯᠣᠨ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠮᠦᠨ᠎ᠡ ᠨᠢ ᠭᠠᠪᠰᠢᠭᠠᠶᠢᠯᠠᠵᠤ᠂ ᠦᠷᠭᠦᠯᠵᠢᠯᠡᠨ ᠲᠡᠮᠡᠴᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃      ᠬᠤᠰᠢᠭᠤᠨ ᠤ ᠤᠳᠤᠷᠢᠳᠤᠯᠭ᠎ᠠ ᠳ᠋ᠢᠩ ᠪᠥᠸᠧ᠂ ᠬᠤᠸᠠᠩ ᠮᠠᠨ ᠯᠢᠶᠠᠩ᠂ ᠵᠠᠩ ᠵᠢᠶᠦ᠋ᠨ ᠢᠦᠢ᠂ ᠯᠢᠦ ᠢᠦᠢ ᠪᠥᠸᠧ᠂ ᠯᠢ ᠶᠣᠣ ᠵᠢᠶᠧ ᠵᠢᠴᠢ ᠬᠤᠰᠢᠭᠤᠨ ᠲᠠᠰ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号