ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠵᠢᠷᠭᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/26
      8 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠵᠢᠷᠭᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠬᠤᠷᠠᠯ ᠳᠤ ᠣᠷᠣᠯᠴᠠᠵᠠᠢ᠃ ᠠᠶᠢᠮᠠᠭ ᠬᠤᠰᠢᠭᠤ ᠬᠤᠶᠠᠷ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃       ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠶᠡᠭᠡ ᠬᠤᠷᠠᠯ ᠬᠥᠰᠢᠭᠡ ᠪᠠᠨ ᠰᠡᠬᠦᠪᠡ᠃ ᠸᠠᠩ ᠮᠧᠩ ᠬᠡᠯᠡᠬᠦ ᠳᠡᠭᠡᠨ᠂ ᠣᠯᠠᠨ ᠵᠢᠯ ᠤᠨ ᠲᠤᠷᠰᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠦᠢᠯᠡᠰ ᠨᠢ ︽ᠲᠠᠷᠢᠶᠠᠯᠠᠩ ᠤᠨ ᠲᠥᠯᠥᠭᠡ ᠵᠢᠳᠬᠦᠬᠦ᠂ ᠲᠠᠷᠢᠶᠠᠯᠠᠩ ᠦᠢᠯᠡᠰ ᠡᠷᠭᠢᠯᠡᠬᠦ᠂ ᠲᠠᠷᠢᠶᠠᠯᠠᠩ ᠤᠨ ᠣᠪᠣᠭ ᠲᠠᠢ ᠪᠣᠯᠬᠤ︾ ᠦᠨᠳᠦᠰᠦᠨ ᠴᠢᠭᠯᠡᠯ ᠢ ᠢᠮᠠᠭᠲᠠ ᠪᠠᠷᠢᠮᠲᠠᠯᠠᠵᠤ᠂ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ᠂ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠠᠵᠤ ᠠᠬᠤᠢ ᠶᠢ ᠴᠡᠴᠡᠭᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠭᠡᠷ ᠢᠷᠡᠵᠡᠶ᠃ ᠪᠥᠬᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ᠬᠠᠩᠭᠠᠨ ᠪᠣᠷᠣᠯᠠᠭᠤᠯᠬᠤ ᠰᠢᠰᠲ᠋ᠧᠮ ᠤᠨ ᠥᠷᠭᠡᠨ ᠣᠯᠠᠨ ᠺᠠᠳ᠋ᠷ ᠲᠦᠮᠡᠨ ᠬᠥᠳᠡᠭᠡ ᠠᠵᠤ ᠠᠬᠤᠢ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠦᠯᠡᠨ ᠴᠢᠷᠮᠠᠶᠢᠵᠤ᠂ ᠰᠢᠨ᠎ᠡ ᠴᠠᠭ ᠦᠶ᠎ᠡ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠪᠥᠬᠦ ᠬᠤᠰᠢᠭᠤᠨ ᠤ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃     ᠬᠤᠷᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠵᠢᠷᠭᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠪᠢᠯᠧᠲ ᠥᠭᠴᠦ ᠬᠡᠷᠡᠭ ᠡᠷᠬᠢᠯᠡᠭᠴᠢᠳ ᠤᠨ ᠬᠤᠷᠠᠯ᠂ ᠬᠢᠨᠠᠭᠴᠢᠳ ᠤᠨ ᠵᠥᠪᠯᠡᠯ ᠢ ᠰᠣᠩᠭᠤᠭᠰᠠᠨ ᠪᠥᠭᠡᠳ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ ᠂ ᠳᠡᠳ᠋ ᠡᠷᠬᠢᠯᠡᠭᠴᠢ᠂ ᠬᠢᠨᠠᠭᠴᠢᠳ ᠤᠨ ᠵᠥᠪᠯᠡᠯ ᠤᠨ ᠬᠡᠷᠡᠭ ᠡᠷᠬᠢᠯᠡᠭᠴᠢᠳ ᠤᠨ ᠬᠤᠷᠠᠯ᠂ ᠬᠢᠨᠠᠭᠴᠢᠳ ᠤᠨ ᠵᠥᠪᠯᠡᠯ ᠤᠨ ᠪᠦᠷᠢᠯᠳᠦᠭᠦᠨ ᠭᠡᠰᠢᠭᠦᠨ ᠢ ᠨᠡᠶᠢᠲᠡᠯᠡᠵᠤ᠂ ᠬᠤᠷᠠᠯ ᠠᠴᠠ ᠪᠠᠰᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶᠠᠨ ᠤ ᠳᠦᠷᠢᠮ︾ ᠪᠣᠯᠣᠨ ᠬᠡᠷᠡᠭ ᠡᠷᠬᠢᠯᠡᠭᠴᠢᠳ ᠤᠨ ᠬᠤᠷᠠᠯ ᠤᠨ ᠮᠡᠳᠡᠭᠦᠯᠦᠯᠲᠡ ᠶᠢ ᠪᠠᠲᠤᠯᠠᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号