ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/29
     8 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠵᠤ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠪᠥᠬᠦ ᠬᠤᠰᠢᠭᠤᠨ ᠤ ᠭᠡᠷ ᠲᠤ ᠪᠠᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃      ᠰᠦᠨ ᠱᠤ᠋ ᠲᠤᠸ ᠬᠡᠯᠡᠬᠦ ᠳᠡᠭᠡᠨ᠂ ᠵᠢᠯ ᠤᠨ ᠡᠬᠢᠨ ᠠᠴᠠ ᠨᠠᠰᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ︽ᠬᠤᠶᠠᠷ ᠶᠡᠭᠡ ᠶᠠᠪᠤᠳᠠᠯ︾ ︽ᠵᠢᠷᠭᠤᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠯᠠᠨ ᠬᠦᠷᠢᠶᠡᠨ ᠳᠤ ᠠᠮᠵᠢᠯᠲᠠ ᠪᠦᠲᠦᠮᠵᠢ ᠣᠯᠪᠠ᠃ ᠡᠨᠡ ᠨᠢ ᠡᠮᠦᠨᠡᠲᠦ ᠬᠤᠰᠢᠭᠤᠨ ᠤ ᠺᠠᠳ᠋ᠷ ᠤᠨ ᠡᠩᠨᠡᠭᠡ ᠪᠣᠯ ᠵᠣᠷᠢᠭᠲᠠᠢ ᠪᠠᠷ ᠰᠡᠳᠬᠢᠵᠦ᠂ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠬᠢᠵᠦ᠂ ᠵᠣᠷᠢᠭᠲᠠᠢ ᠪᠠᠷ ᠠᠵᠢᠯᠯᠠᠳᠠᠭ ᠺᠠᠳ᠋ᠷ ᠤᠨ ᠡᠩᠨᠡᠭᠡ ᠮᠥᠨ᠂ ᠠᠵᠢᠯ ᠶᠠᠪᠤᠳᠠᠯ ᠬᠢᠬᠦ ᠶᠢ ᠪᠤᠳᠤᠳᠠᠭ᠂ ᠠᠵᠢᠯ ᠶᠠᠪᠤᠳᠠᠯ ᠪᠦᠲᠦᠭᠡᠬᠦ ᠶᠢ ᠪᠤᠳᠤᠳᠠᠭ ᠺᠠᠳ᠋ᠷ ᠤᠨ ᠡᠩᠨᠡᠭᠡ ᠮᠥᠨ ᠭᠡᠳᠡᠭ ᠢ ᠭᠦᠢᠴᠡᠳ ᠬᠠᠷᠠᠭᠤᠯᠵᠠᠢ ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠨᠡ ᠤᠳᠠᠭ᠎ᠠ ᠶᠢᠨ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠰᠢᠨᠵᠢᠯᠡᠨ ᠪᠠᠶᠢᠴᠠᠭᠠᠵᠤ ᠵᠣᠯᠭᠠᠭᠤᠯᠬᠤ ᠪᠠᠷ ᠰᠢᠨ᠎ᠡ ᠭᠠᠷᠤᠭ᠎ᠠ ᠪᠣᠯᠣᠨ ᠠᠵᠠ ᠲᠣᠬᠢᠶᠠᠯ ᠪᠣᠯᠭᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠵᠤ᠂ ᠣᠯᠣᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ︽ᠲᠠᠪᠤᠨ ᠶᠡᠭᠡ ᠡᠭᠦᠷᠭᠡ︾ ᠶᠢᠨ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠬᠤᠰᠢᠭᠤᠨ ᠤ ᠰᠢᠭᠤᠳ ᠬᠠᠷᠢᠶ᠎ᠠ ᠰᠤᠮᠤ ᠰᠢᠶᠠᠩ ᠪᠠᠯᠭᠠᠰᠤ ᠶᠢᠨ ᠲᠦᠷᠪᠡᠨ ᠬᠢᠯᠠᠰ ᠴᠡᠭ ᠤᠨ ᠠᠵᠢᠯ ᠤᠨ ᠪᠣᠯᠪᠠᠰᠤᠷᠠᠯ ᠵᠢᠴᠢ ᠪᠦᠬᠦ ᠠᠶᠢᠮᠠᠭ ᠤᠨ ᠬᠤᠶᠠᠷ ᠭᠤᠷᠪᠠᠳᠤᠭᠠᠷ ᠤᠯᠠᠷᠢᠯ ᠤᠨ ︽ᠭᠤᠷᠪᠠᠨ ᠨᠠᠷᠢᠨ ᠲᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠪᠠ ᠳᠡᠭᠡᠭᠰᠢ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠱᠠᠯᠠᠪᠳᠠᠨ ᠲᠥᠯᠥᠪᠵᠢᠭᠦᠯᠵᠦ᠂ ᠨᠠᠮᠤᠷ ᠡᠪᠦᠯ ᠤᠨ ᠬᠤᠶᠠᠷ ᠤᠯᠠᠷᠢᠯ ᠤᠨ ᠵᠤᠭᠠᠴᠠᠯ ᠤᠨ ᠲᠦᠷᠦᠯ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠤᠭᠠᠴᠠᠯ ᠤᠨ ᠦᠢᠯᠡᠰ ᠤᠨ ᠬᠡᠯᠪᠡᠷᠢ ᠶᠢᠨ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠵᠤᠭᠠᠴᠠᠯ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠡᠭᠦᠳᠴᠦ᠂ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠪᠥᠬᠦ ᠬᠤᠰᠢᠭᠤᠨ ᠤ ᠺᠠᠳ᠋ᠷᠴᠤᠳ ᠢᠲᠡᠭᠡᠯ ᠵᠣᠷᠢᠭ ᠢᠶᠠᠨ ᠬᠥᠪᠴᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ︽ᠠᠮᠢ ᠴᠦᠯᠡᠨ ᠲᠡᠮᠡᠴᠡᠬᠦ︾ ᠵᠣᠷᠢᠭ ᠰᠠᠨᠠᠭ᠎ᠠ᠂ ︽ᠭᠠᠪᠰᠢᠭᠠᠶᠢᠯᠠᠬᠤ︾ ᠡᠷᠴᠢ ᠵᠣᠷᠢᠭ᠂ ︽ᠪᠣᠳᠠᠲᠠᠢ︾ ᠰᠤᠷᠲᠠᠯ ᠢ ᠪᠠᠳᠠᠷᠠᠭᠤᠯᠵᠤ᠂ ᠵᠢᠯ ᠤᠨ ᠡᠴᠦᠰ ᠲᠤ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠶᠢ ᠪᠠᠲᠤᠯᠠᠬᠤ ᠬᠡᠷᠡᠭᠲᠡᠢ ᠭᠡᠪᠡ᠃      ᠯᠢᠦ ᠬᠠᠢ ᠲᠤᠸ ︽ᠲᠠᠪᠤᠨ ᠶᠡᠭᠡ ᠡᠭᠦᠷᠭᠡ︾ ᠶᠢᠨ ᠬᠢᠨᠠᠨ ᠰᠢᠯᠭᠠᠯᠲᠠ ᠶᠢ ᠦᠨᠡᠨᠬᠦ ᠰᠠᠶᠢᠲᠤᠷ ᠠᠳᠬᠤᠬᠤ᠂ 2024 ᠣᠨ ᠤ ︽ᠭᠤᠷᠪᠠᠨ ᠳᠡᠪᠲᠡᠷ ᠨᠠᠷᠢᠨ ᠲᠠᠩᠰᠠ︾᠂ ᠳᠤᠯᠠᠭᠠᠯᠠᠬᠤ ᠢᠨᠵᠧᠨᠧᠷᠢᠩ᠂ ᠰᠢᠨ᠎ᠡ ᠡᠨᠧᠷᠭᠢ ᠶᠢᠨ ᠲᠥᠷᠥᠯ ᠵᠦᠢᠯ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠢᠨᠵᠧᠨᠧᠷᠢᠩ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠤᠨ ᠪᠠᠶᠢᠷᠢᠯᠠᠭᠤᠯᠪᠠ᠃ ᠡᠭᠦᠨ ᠤ ᠬᠠᠮᠲᠤ᠂ ᠲᠣᠭᠤᠷᠢᠨ ᠪᠠᠶᠢᠴᠠᠭᠠᠬᠤ ᠬᠢᠨᠠᠨ ᠪᠤᠳᠤᠬᠤ ᠴᠡᠭᠴᠡᠯᠡᠨ ᠰᠠᠶᠢᠵᠢᠷᠠᠭᠤᠯᠬᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠮᠠᠨ ᠤ ᠣᠷᠣᠨ ᠳᠤ ᠢᠷᠡᠵᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠰᠢᠨᠵᠢᠯᠡᠨ ᠪᠠᠶᠢᠴᠠᠭᠠᠭᠰᠠᠨ ᠪᠠᠶᠢᠳᠠᠯ ᠢ ᠤᠯᠠᠮᠵᠢᠯᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠠᠮᠵᠢᠯᠴᠠᠨ ᠬᠠᠮᠢᠶᠠᠷᠬᠤ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠬᠠᠢ ᠳ᠋ᠢᠶᠠᠨ ᠲᠣᠭᠤᠷᠢᠭ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠪᠡᠭᠡᠵᠢᠩ ᠤᠨ ᠣᠶ ᠰᠢᠭᠤᠢ ᠶᠢᠨ ᠶᠡᠭᠡ ᠰᠤᠷᠭᠠᠭᠤᠯᠢ ᠶᠢᠨ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠤᠨ ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠢ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号