ᠡᠪ ᠬᠠᠮᠲᠤ ᠵᠠᠯᠠᠭᠤᠴᠤᠳ ᠤᠨ ᠡᠪᠯᠡᠯ ᠤᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/31
     8 ᠰᠠᠷ᠎ᠠ ᠶᠢᠨ 28 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠬᠤᠷᠢᠶ᠎ᠠ ᠶᠢᠨ ᠳᠡᠳ᠋ ᠱᠦᠵᠢ᠂ ᠬᠠᠶᠢᠳᠢᠶᠠᠨ ᠲᠣᠭᠤᠷᠢᠭ ᠤᠨ ᠵᠠᠯᠠᠭᠤᠴᠤᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠯᠢᠦ ᠶᠠ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠤ ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠣᠭᠲᠠᠴᠠ ᠪᠣᠯᠣᠨ ᠭᠤᠣᠯᠳᠠᠯᠭ᠎ᠠ ᠲᠠᠢ ᠬᠦᠷᠢᠶᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠡᠪ ᠬᠠᠮᠲᠤ ᠵᠠᠯᠠᠭᠤᠴᠤᠳ ᠤᠨ ᠡᠪᠯᠡᠯ ᠤᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠠᠶᠢᠳᠢᠶᠠᠨ ᠲᠣᠭᠤᠷᠢᠭ ᠤᠨ ᠵᠠᠯᠠᠭᠤᠴᠤᠳ ᠤᠨ ᠬᠤᠯᠪᠣᠭ᠎ᠠ ᠶᠢᠨ ᠨᠠᠷᠢᠨ ᠪᠢᠴᠢᠭ ᠤᠨ ᠳᠠᠷᠤᠭ᠎ᠠ  ᠮᠦᠸᠧ ᠴᠢᠶᠦ᠋ᠩ ᠵᠢᠴᠢ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠠᠮᠲᠦ ᠤᠷᠤᠯᠴᠠᠪᠠ᠃      ᠯᠢᠦ ᠶᠠ ᠨᠠᠷ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠰᠢᠩ ᠺᠧ ᠨᠡᠶᠢᠭᠡᠮ ᠲᠣᠭᠤᠷᠢᠭ᠂ ᠦᠢᠯᠡᠰ ᠪᠣᠰᠬᠠᠵᠤ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠥᠷᠨᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠠᠵᠢᠯ ᠢ ᠰᠣᠨᠣᠰᠤᠭᠰᠠᠨ ᠪᠥᠭᠡᠳ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠵᠡᠭᠦᠨ ᠪᠠᠷᠠᠭᠤᠨ ᠣᠷᠣᠨ ᠤ ᠬᠠᠮᠵᠢᠯᠴᠠᠨ ᠵᠣᠯᠭᠠᠭᠤᠯᠬᠤ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃     ᠯᠢᠦ ᠶᠠ ᠬᠡᠯᠡᠬᠦ ᠳᠡᠭᠡᠨ᠂ ᠬᠠᠶᠢᠳᠢᠶᠠᠨ ᠲᠣᠭᠤᠷᠢᠭ ᠤᠨ ᠡᠪᠯᠡᠯ ᠤᠨ ᠬᠤᠷᠢᠶ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠯᠠᠭᠤᠴᠤᠳ ᠤᠨ ᠲᠠᠭᠤᠨ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠰᠣᠨᠣᠰᠴᠤ᠂ ᠵᠠᠯᠠᠭᠤᠴᠤᠳ ᠤᠨ ᠦᠢᠯᠡᠰ ᠴᠣᠭᠴᠠᠯᠠᠬᠤ ᠶᠢ ᠬᠠᠪᠰᠤᠷᠤᠨ ᠳᠡᠮᠵᠢᠨ᠎ᠡ ᠭᠡᠵᠡᠢ᠃ ᠡᠭᠦᠨ ᠤ ᠬᠠᠮᠲᠤ᠂ ᠣᠶᠤᠨᠲᠤ ᠬᠥᠳᠡᠭᠡ ᠠᠵᠤ ᠠᠬᠤᠢ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠷᠭᠡᠵᠢᠯ ᠤᠨ ᠳᠡᠮᠵᠢᠯᠭᠡ ᠬᠠᠩᠭᠠᠵᠤ᠂ ᠬᠠᠮᠲᠤᠷᠠᠯᠴᠠᠭᠠᠨ ᠤ ᠰᠠᠭᠤᠷᠢ ᠶᠢ ᠪᠠᠲᠤᠳᠬᠠᠵᠤ᠂ ᠬᠤᠶᠠᠷ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠠᠵᠢᠯ ᠢ ᠨᠠᠶᠢᠳᠠᠪᠤᠷᠢᠵᠢᠭᠤᠯᠬᠤ᠂ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠨ᠎ᠠ ᠭᠡᠵᠡᠢ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠬᠤᠷᠢᠶ᠎ᠠ ᠪᠠᠰᠠ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶᠠᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠢᠶᠠᠨ ᠳᠤ ᠨᠣᠮ ᠪᠢᠴᠢᠭ᠂ ᠳᠠᠷᠤᠮᠠᠯᠯᠠᠬᠤ ᠮᠠᠰᠢᠨ᠂ ᠦᠬᠡᠷ ᠬᠤᠨᠢ ᠲᠡᠵᠢᠭᠡᠨ ᠦᠷᠡᠵᠢᠭᠦᠯᠬᠦ ᠣᠶᠤᠨᠲᠤ ᠰᠣᠨᠳᠣᠷ ᠵᠡᠷᠭᠡ ᠡᠳ᠋ ᠪᠣᠳᠠᠰ ᠬᠠᠨᠳᠢᠪᠯᠡᠪᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号