ᠰᠦᠨ ᠱᠤ᠋ ᠲᠤᠤ 2024 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠲᠣᠬᠢᠷᠠᠭᠤᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/6
       8 ᠰᠠᠷ᠎ᠠ ᠶᠢᠨ 5 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠸ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠰᠠᠭᠤᠷᠢᠨ ᠭᠠᠵᠠᠷ ᠲᠤ 2024 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠯᠢᠦ ᠢᠦᠢ ᠪᠥᠸᠧ᠂ ᠸᠠᠩ ᠰᠢᠤᠸᠠᠢ ᠸᠧᠢ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃       ᠬᠤᠷᠠᠯ ᠠᠴᠠ 2024 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠠᠬᠢᠨ ᠲᠣᠬᠢᠷᠠᠭᠤᠯᠵᠤ᠂ ᠲᠠᠬᠢᠨ ᠪᠠᠶᠢᠷᠢᠯᠠᠭᠤᠯᠪᠠ᠃       ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡ᠂ ᠰᠣᠶᠣᠯ ᠵᠤᠭᠠᠴᠠᠯ ᠤᠨ ᠠᠵᠢᠯᠯᠠᠭ᠎ᠠ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠢᠳᠡᠭᠡᠨ ᠤ ᠠᠮᠤᠷ ᠲᠦᠪᠰᠢᠨ᠂ ᠡᠮᠬᠢ ᠳᠢᠭᠯᠢᠮ ᠢ ᠬᠠᠮᠠᠭᠠᠯᠠᠬᠤ᠂ ᠴᠢᠮᠡᠭᠡ ᠬᠤᠯᠪᠣᠭ᠎ᠠ ᠶᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠲᠡᠭᠦᠯᠳᠡᠷᠵᠢᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠥᠩᠭᠡᠷᠡᠭᠰᠡᠨ ᠤ ᠲᠤᠷᠰᠢᠯᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠦᠷ᠎ᠡ ᠪᠦᠲᠦᠮᠵᠢᠲᠡᠢ ᠪᠠᠷ ᠰᠠᠶᠢᠲᠤᠷ ᠬᠢᠬᠦ ᠬᠡᠷᠡᠭᠲᠡᠢ᠃ ᠠᠮᠤᠷ ᠲᠦᠪᠰᠢᠨ ᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠬᠥᠮᠥᠨ ᠤ ᠬᠦᠴᠦᠨ ᠴᠢᠳᠠᠯ ᠪᠠ ᠲᠣᠬᠢᠷᠠᠭᠤᠯᠤᠯᠲᠠ ᠶᠢ ᠨᠡᠮᠡᠭᠳᠡᠭᠦᠯᠵᠦ᠂ ᠭᠡᠨᠡᠳᠲᠡ ᠶᠢᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠭᠠᠳᠤᠮ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠭᠠᠳᠤᠮ ᠤᠨ ᠬᠤᠷᠠᠯ ᠢᠶᠠᠷ ᠵᠤᠭᠠᠴᠠᠯ ᠤᠨ ᠠᠵᠤ ᠠᠬᠤᠢ ᠶᠢ ᠳᠠᠶᠢᠴᠢᠯᠠᠬᠤ᠂ ᠭᠠᠵᠠᠷ ᠣᠷᠣᠨ ᠤ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠴᠢᠬᠤᠯᠠ ᠠᠴᠢᠶᠠᠯᠠᠪᠤᠷᠢ ᠪᠣᠯᠭᠠᠵᠤ᠂ ᠬᠢᠩᠭᠠᠨ ᠠᠶᠢᠮᠠᠭ ᠤᠨ ᠨᠠᠭᠠᠳᠤᠮ ᠤᠨ ᠬᠦᠷ ᠬᠥᠭᠵᠢᠶᠡᠨ ᠲᠠᠢ ᠪᠠᠷ ᠶᠠᠪᠤᠭᠳᠠᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号