ᠯᠢᠦ ᠬᠠᠢ ᠲᠤᠸ ᠪᠠᠭᠰᠢ ᠨᠠᠷ ᠤᠨ ᠲᠥᠯᠥᠭᠡᠯᠡᠭᠴᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/9/10
      ᠢᠷᠡᠯᠲᠡ᠄ ᠬᠤᠰᠢᠭᠤᠨ ᠤ ᠬᠠᠮ ᠵᠠᠭᠤᠴᠢᠯᠠᠭᠤᠷ ᠤᠨ ᠲᠥᠪ       ᠨᠡᠶᠢᠲᠡᠯᠡᠭᠰᠡᠨ ᠴᠠᠭ᠄ 2024 ︱ 09 ︱ 10      ᠲᠤᠭᠤᠷ ᠬᠦᠢᠯᠡᠰᠦᠨ ᠦᠨᠦᠷ ᠠᠩᠬᠢᠯᠤᠭᠰᠠᠨ ᠨᠠᠮᠤᠷ ᠤᠨ ᠰᠠᠶᠢᠬᠠᠨ ᠡᠳᠦᠷ ᠲᠤ᠂ 40 ᠳ᠋ᠤᠭᠡᠷ ᠤᠳᠠᠭᠠᠨ ᠤ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ ᠬᠡᠰᠡᠭ ᠰᠤᠷᠭᠠᠭᠤᠯᠢ ᠳᠤ ᠭᠦᠨᠵᠡᠭᠡᠶᠢᠷᠡᠨ᠂ ᠪᠠᠭᠰᠢ ᠨᠠᠷ ᠤᠨ ᠲᠥᠯᠥᠭᠡᠯᠡᠭᠴᠢᠳ ᠢ ᠪᠣᠯᠭᠤᠭᠠᠨ ᠲᠣᠬᠤᠨᠢᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠹᠠᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠤᠯᠠᠭᠠᠨ ᠨᠠᠷ ᠲᠣᠬᠤᠨᠢᠭᠤᠯᠤᠯ ᠳᠤ ᠣᠷᠣᠯᠴᠠᠪᠠ᠃      ᠯᠢᠦ ᠬᠠᠢ ᠲᠤᠤ ᠤᠷᠢᠳ ᠬᠤᠵᠢᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠪᠠᠭᠰᠢ ᠶᠢᠨ ᠠᠵᠢᠯ ᠠᠮᠢᠳᠤᠷᠠᠯ ᠤᠨ ᠪᠠᠶᠢᠳᠠᠯ ᠢ ᠠᠰᠠᠭᠤᠵᠤ᠂ ᠰᠤᠷᠭᠠᠭᠤᠯᠢ ᠶᠢᠨ ᠬᠥᠭᠵᠢᠯᠲᠡ ᠶᠢᠨ ᠲᠥᠯᠦᠪᠵᠢᠭᠦᠯᠭᠡ᠂ ᠪᠠᠭᠰᠢ ᠶᠢᠨ ᠬᠦᠴᠦᠨ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠤᠷᠭᠠᠭᠤᠯᠢ ᠶᠢᠨ ᠣᠯᠣᠭᠰᠠᠨ ᠰᠢᠯᠢᠳᠡᠭ ᠬᠢᠷᠢ ᠪᠦᠲᠦᠮᠵᠢ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠪᠠᠭᠰᠢ ᠶᠢᠨ ᠦᠭᠡ ᠲᠠᠭᠤᠨ ᠦᠭᠡᠢ ᠴᠢᠷᠮᠠᠶᠢᠨ ᠠᠵᠢᠯᠯᠠᠬᠤ᠂ ᠨᠢᠭᠡ ᠰᠡᠳᠬᠢᠯ ᠢᠶᠠᠷ ᠰᠤᠷᠭᠠᠨ ᠬᠥᠮᠥᠵᠢᠭᠦᠯᠬᠦ᠂ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠶᠢ ᠭᠦᠢᠴᠡᠳ ᠨᠤᠲᠠᠯᠠᠵᠤ᠂ ᠲᠡᠳᠡᠨ ᠤ ᠲᠤᠰᠬᠠᠢ ᠮᠡᠷᠭᠡᠵᠢᠯ ᠤᠨ ᠳᠠᠪᠠᠭᠤᠯᠢᠭ ᠪᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠤᠰ ᠪᠠ ᠨᠡᠶᠢᠭᠡᠮ ᠳᠤ ᠨᠠᠩ ᠣᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠦᠨ ᠥᠭᠴᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ ᠰᠢᠨ᠎ᠡ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠳᠡᠭᠲᠡᠷ ᠲᠤ ᠭᠠᠷᠬᠤ ᠶᠢ ᠵᠣᠷᠢᠭᠵᠢᠭᠤᠯᠤᠨ᠎ᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠪᠥᠬᠦ ᠤᠯᠤᠰ ᠤᠨ ᠵᠢᠱᠢᠶᠡᠴᠢ ᠪᠠᠭᠰᠢ᠂ ᠡᠭᠦᠷ ᠤᠨ ᠪᠠᠭᠰᠢ ᠰᠣᠷᠣᠭᠴᠢ ᠶᠢᠨ ᠲᠥᠯᠥᠭᠡᠯᠡᠭᠴᠢ ᠪᠣᠯᠣᠨ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ ᠳᠤ ᠴᠡᠴᠡᠭ ᠬᠦᠷᠭᠡᠭᠰᠡᠨ ᠪᠥᠭᠡᠳ ︽ᠪᠥᠬᠦ ᠬᠤᠰᠢᠭᠤᠨ ᠤ ᠥᠷᠭᠡᠨ ᠣᠯᠠᠨ ᠪᠠᠭᠰᠢ ᠠᠵᠢᠯᠲᠠᠳ ᠲᠤ ᠥᠭᠭᠦᠭᠰᠡᠨ ᠵᠠᠬᠢᠳᠠᠯ︾ ᠢ ᠤᠩᠰᠢᠨ ᠨᠡᠶᠢᠲᠡᠯᠡᠵᠦ᠂ ᠪᠥᠬᠦ ᠬᠤᠰᠢᠭᠤᠨ ᠤ ᠥᠷᠭᠡᠨ ᠣᠯᠠᠨ ᠪᠠᠭᠰᠢ᠂ ᠰᠤᠷᠭᠠᠨ ᠬᠥᠮᠦᠵᠢᠯ ᠤᠨ ᠠᠵᠢᠯᠲᠠᠨ ᠪᠣᠯᠣᠨ ᠠᠵᠢᠯ ᠠᠴᠠ ᠪᠠᠨ ᠳᠠᠷᠬᠠᠯᠠᠭᠳᠠᠭᠰᠠᠨ ᠪᠠᠭᠰᠢ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠦᠭᠡᠯ ᠳᠡᠪᠰᠢᠭᠦᠯᠪᠡ᠃     ᠯᠢᠦ ᠬᠠᠢ ᠲᠤᠸ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠴᠢᠨᠠᠷ ᠰᠠᠶᠢᠲᠠᠢ ᠬᠥᠭᠵᠢᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠨᠥᠬᠦᠴᠡᠯ᠂ ᠬᠠᠮᠢᠶᠠᠷᠤᠯᠲᠠ ᠶᠢᠨ ᠬᠢᠷᠢ ᠲᠦᠪᠰᠢᠨ ᠪᠠ ᠣᠶᠢᠯᠠᠭᠠᠭᠳᠠᠬᠤᠨ᠂ ᠰᠣᠷᠣᠭᠴᠢ ᠶᠢᠨ ᠶᠡᠷᠦᠩᠬᠡᠢ ᠬᠡᠪ ᠴᠢᠨᠠᠷ ᠪᠠ ᠪᠠᠭᠰᠢ ᠶᠢᠨ ᠴᠢᠳᠠᠪᠤᠷᠢ ᠢᠯᠡᠳᠲᠡ ᠳᠡᠭᠡᠭᠰᠢᠯᠡᠵᠡᠢ᠂ ᠡᠲᠡᠭᠡᠷ ᠦᠷ᠎ᠡ ᠪᠦᠲᠦᠭᠡᠯ ᠤᠨ ᠣᠯᠣᠭᠰᠠᠨ ᠨᠢ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠬᠦᠴᠦ ᠬᠥᠯᠥᠰᠦ ᠰᠢᠩᠭᠡᠵᠦ᠂ ᠦᠶ᠎ᠡ ᠦᠶ᠎ᠡ ᠶᠢᠨ ᠰᠤᠷᠭᠠᠨ ᠬᠥᠮᠦᠵᠢᠯ ᠤᠨ ᠬᠥᠮᠥᠰ ᠤᠨ ᠦᠶ᠎ᠡ ᠤᠯᠠᠮᠵᠢᠯᠠᠨ ᠵᠠᠯᠭᠠᠮᠵᠢᠯᠠᠵᠤ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ ᠭᠡᠵᠡᠢ᠃     ᠯᠢᠦ ᠬᠠᠢ ᠲᠤᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠢ ᠰᠤᠷᠭᠠᠭᠤᠯᠢ ᠡᠷᠬᠢᠯᠡᠵᠤ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠦᠬᠦ ᠶᠠᠪᠤᠴᠠ ᠳᠤ ᠠᠭᠤᠰᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠭᠤᠣᠯ ᠠᠷᠭ᠎ᠠ ᠵᠠᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠤᠨ ᠨᠠᠮ ᠤᠨ ᠠᠴᠢ ᠲᠤᠰᠠ ᠶᠢ ᠣᠶᠢᠯᠠᠭᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠤᠯᠠᠮ ᠴᠢᠨᠠᠭᠰᠢᠳᠠ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠨᠡᠩ ᠤᠯᠠᠨ ᠬᠥᠮᠦᠵᠢᠯ ᠤᠨ ᠦᠢᠯᠡᠳᠦᠯᠭᠡ ᠶᠢ ᠬᠠᠶᠢᠨ ᠰᠦᠪᠡᠭᠴᠢᠯᠡᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠬᠠᠮᠠᠭᠠᠯᠠᠵᠤ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠰᠠᠶᠢᠨ ᠳᠠᠭᠠᠭᠤᠯᠤᠭᠴᠢ ᠪᠣᠯᠬᠤ ᠬᠡᠷᠡᠭᠲᠡᠢ ᠭᠡᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号