ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/2
     8 ᠰᠠᠷ᠎ᠠ ᠶᠢᠨ 30 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠨᠠᠷ ᠬᠤᠷᠠᠯ ᠳᠤ ᠣᠷᠣᠯᠴᠠᠵᠠᠢ᠃      ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ 1-6 ᠰᠠᠷ᠎ᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ  ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠤᠨ ᠲᠥᠰᠥᠯ ᠂ 2023 ᠣᠨ ᠤ ᠰᠠᠯᠠᠭ᠎ᠠ ᠮᠥᠴᠢᠷ ᠤᠨ ᠲᠥᠰᠥᠪ ᠤᠨ ᠭᠦᠢᠴᠡᠳᠬᠡᠯ ᠤᠨ ᠲᠥᠰᠥᠯ ᠪᠣᠯᠣᠨ 2024 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2023 ᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠯᠲᠠ ᠶᠢᠨ ᠳᠤᠭᠤᠶᠢᠯᠠᠩ ᠤᠨ 2024 ᠣᠨ ᠤ ᠲᠥᠯᠥᠭᠡᠯᠡᠭᠴᠢᠳ ᠤᠨ ᠰᠠᠨᠠᠭᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠲᠤᠬᠠᠢ ᠪᠠᠶᠢᠴᠠᠭᠠᠯᠲᠠ ᠶᠢᠨ ᠮᠡᠳᠡᠭᠦᠯᠦᠯᠲᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠰᠣᠨᠣᠰᠴᠤ᠂ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠲᠠ ᠲᠣᠭᠤᠷᠢᠭ ᠤᠨ ᠰᠣᠯᠣᠨ ᠵᠡᠭᠡᠯᠢ ᠶᠢᠨ ᠲᠣᠭᠤᠷᠢᠯ ᠵᠠᠮ ᠢ ᠥᠭᠡᠷᠡᠴᠢᠯᠡᠨ ᠲᠠᠰ ᠳᠡᠪᠰᠢᠭᠦᠯᠵᠦ ᠦᠨᠳᠦᠰᠦᠨ ᠬᠠᠤᠯᠢ ᠶᠢᠨ ᠠᠭᠤᠳᠠᠮ ᠲᠠᠯᠠᠪᠠᠶ ᠪᠣᠯᠭᠠᠬᠤ ᠲᠤᠬᠠᠢ ᠰᠠᠨᠠᠭᠤᠯᠭ᠎ᠠ︾ ᠶᠢ ᠬᠢᠨᠠᠨ ᠵᠥᠪᠯᠡᠪᠡ᠃     ᠬᠤᠷᠠᠯ ᠠᠴᠠ ᠪᠠᠰᠠ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠶᠠᠪᠤᠳᠠᠯ ᠢ ᠬᠢᠵᠦ᠂ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠥᠰ ᠬᠤᠷᠠᠯ ᠳᠤ ᠲᠤᠰᠢᠶᠠᠯ ᠬᠠᠩᠭᠠᠬᠤ ᠮᠡᠳᠡᠭᠦᠯᠦᠯᠲᠡ ᠬᠢᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠸᠠᠩ ᠵᠢᠶᠠ ᠪᠦᠸᠧ ᠰᠢᠨ᠎ᠡ ᠪᠠᠷ ᠲᠤᠰᠢᠶᠠᠯ ᠳᠤ ᠭᠠᠷᠤᠭᠰᠠᠨ ᠬᠥᠮᠥᠰ ᠲᠤ ᠲᠣᠮᠢᠯᠠᠯᠲᠠ ᠶᠢᠨ ᠪᠢᠴᠢᠭ ᠭᠠᠷᠳᠠᠭᠤᠯᠪᠠ᠃ ᠰᠢᠨ᠎ᠡ ᠪᠠᠷ ᠲᠤᠰᠢᠶᠠᠯ ᠡᠭᠦᠷᠭᠡᠯᠡᠭᠰᠡᠳ ᠦᠨᠳᠦᠰᠦᠨ ᠬᠠᠤᠯᠢ ᠳᠤ ᠲᠠᠩᠭᠠᠷᠢᠭᠯᠠᠪᠠ᠃      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ ᠂ ᠬᠤᠰᠢᠭᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠤ᠂ ᠬᠡᠰᠡᠭ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠷ ᠣᠨᠴᠠ ᠤᠷᠢᠭᠳᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号