ᠬᠦᠭᠵᠢᠯᠳᠡ ᠶᠢᠨ ᠡᠬᠡᠰᠢᠭ ᠴᠤᠤᠷᠢᠶᠠᠳᠤᠨᠨᠰᠠᠨ ᠮᠠᠨᠵᠦ ᠨᠤᠳᠤᠭ — ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠮᠠᠨᠵᠤᠲ᠋ᠦ᠋ᠨ ᠤ ᠮᠠᠨᠵᠦ ᠦᠨᠳᠦᠰᠦᠳᠡᠨ ᠤ ᠰᠢᠶᠠᠩ ᠤᠨ ᠲᠦᠴᠢᠨ ᠵᠢᠯ ᠤᠨ ᠬᠦᠭᠵᠢᠯᠳᠡ ᠬᠤᠪᠢᠷᠠᠯᠳᠠ ᠶᠢᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2024/9/20
                     ● ᠰᠤᠷᠪᠤᠯᠵᠢᠯᠬᠠᠴᠢ ᠴᠡᠩᠭᠡᠯᠳᠦ     ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠪᠣᠯ ᠬᠢᠩᠭᠠᠨ ᠠᠶᠢᠮᠠᠭ ᠤᠨ ᠴᠤᠯ ᠮᠠᠯᠵᠢᠬᠤ ᠰᠢᠶᠠᠩ ᠪᠣᠯᠤᠨ᠎ᠠ᠃ ᠥᠷᠭᠡᠨ ᠠᠭᠤᠳᠠᠮ ᠲᠠᠯ᠎ᠠ ᠨᠤᠲᠤᠭ ᠲᠤ ᠪᠠᠨ ᠮᠠᠯᠴᠢᠨ ᠠᠷᠠᠤᠨ ᠨᠢ ᠪᠠᠶᠠᠰᠤᠯᠳᠠᠢ ᠠᠵᠤ ᠲᠦᠷᠤᠵᠤ᠂ ᠬᠥᠬᠡᠮᠳᠦᠭ ᠨᠣᠭᠤᠭᠠᠨ ᠠᠭᠤᠯᠠ ᠤᠰᠤ ᠪᠠᠷ ᠬᠦᠷᠢᠶᠡᠯᠡᠭᠳᠡᠭᠰᠡᠨ ᠬᠥᠳᠡᠭᠡ ᠨᠤᠳᠤᠭ ᠤᠨ ᠰᠠᠶᠢᠬᠠᠨ ᠦᠵᠡᠮᠵᠢ ᠨᠢ ᠬᠤᠯᠠ ᠤᠶᠢᠷ᠎ᠠ ᠶᠢᠨ ᠵᠢᠭᠤᠯᠴᠢᠯᠬᠠᠰᠠᠤᠨ ᠢᠶᠠᠨ ᠪᠠᠶᠠᠰᠬᠠᠵᠤ᠂ ᠨᠢᠭᠡᠨ ᠮᠠᠨᠵᠤ ᠮᠣᠩᠭᠤᠯ ᠦᠨᠳᠤᠰᠤᠳᠡᠨ ᠤ ᠥᠪᠡᠷᠮᠢᠴᠡ ᠣᠨᠴᠠᠯᠢᠭ ᠲᠠᠢ ᠭᠠᠵᠠᠷ ᠣᠷᠣᠨ ᠪᠣᠯᠤᠨᠨᠰᠠᠨ ᠪᠠᠶᠢᠨ᠎ᠠ᠃    ᠳᠥᠴᠢᠨ ᠵᠢᠯ ᠤᠨ ᠲᠤᠷᠰᠢ᠂ ᠨᠠᠮ ᠤᠨ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ᠂ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠲᠠᠷᠢᠮᠠᠯ ᠤᠨ ᠦᠢᠯᠡᠰ᠂ ᠲᠡᠵᠢᠭᠡᠨ ᠦᠷᠡᠵᠢᠭᠦᠯᠬᠦ ᠦᠢᠯᠡᠰ ᠪᠠ ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠵᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠠᠬᠢᠭᠤᠯᠪᠠ᠃ ᠤᠶᠢᠷ᠎ᠠ ᠶᠢᠨ ᠵᠢᠯ ᠳᠤ 110 ᠲᠦᠮᠡᠨ ᠲᠥᠭᠦᠷᠢᠭ ᠤᠨ ᠪᠡᠯᠡ ᠣᠷᠣᠭᠤᠯᠵᠤ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠤᠨ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠢᠯᠢ ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠦ᠂ 700 ᠲᠡᠭᠰᠢ ᠲᠦᠷᠪᠡᠯᠵᠢᠨ ᠮᠧᠲᠷ ᠲᠠᠯᠠᠪᠠᠢ ᠪᠦᠬᠦᠢ ᠬᠦᠢᠳᠡᠨ ᠬᠥᠮᠥᠷᠭᠡ ᠶᠢ ᠰᠢᠨ᠎ᠡ ᠪᠠᠷ ᠪᠠᠶᠢᠭᠤᠯᠵᠤ᠂ ︽ᠪᠤᠬᠢᠷᠳᠤᠯ ᠦᠭᠡᠢ ᠬᠤᠨᠢᠨ ᠮᠢᠬ᠎ᠠ︾ ᠶᠢᠨ ᠨᠠᠷᠠᠲᠤ ᠳᠡᠮᠳᠡᠭᠳᠤ ᠡᠵᠡᠩᠨᠡᠨ ᠪᠣᠷᠣᠯᠠᠭᠤᠯᠬᠤ ᠲᠥᠪ ᠪᠠᠶᠢᠭᠤᠯᠵᠤ᠂ ᠲᠠᠸᠠᠷ ᠤᠨ ᠲᠡᠮᠳᠡᠭ ᠢ ᠳᠠᠩᠰᠠᠯᠠᠬᠤ ᠵᠢᠴᠢ ᠵᠢᠷᠤᠵᠤ ᠲᠥᠯᠥᠪᠯᠡᠬᠦ᠂ ᠰᠦᠯᠵᠢᠶᠡᠨ ᠳᠡᠭᠡᠷ᠎ᠠ ᠪᠣᠷᠣᠯᠠᠭᠤᠯᠭ᠎ᠠ ᠶᠢᠨ ᠳᠡᠯᠭᠡᠭᠦᠷ ᠪᠠᠶᠢᠭᠤᠯᠵᠤ ᠮᠠᠯᠴᠢᠳ ᠤᠨ ᠤᠷᠤᠯᠭ᠎ᠠ ᠶᠢᠨ ᠵᠠᠮ ᠢ ᠦᠷᠭᠡᠤᠡᠭᠡᠵᠦ ᠬᠦᠰᠡᠯ ᠱᠠᠭᠠᠷᠳᠠᠯᠭ᠎ᠠ ᠶᠢ ᠨᠢ ᠬᠠᠩᠭᠠᠵᠤ᠂ ᠲᠡᠳᠡᠨ ᠤ ᠰᠠᠶᠢᠨ ᠰᠠᠶᠢᠬᠠᠨ ᠢᠷᠡᠭᠡᠳᠦᠶ ᠵᠦᠭ ᠤᠷᠤᠭᠰᠢᠯᠠᠬᠤ ᠳᠤ ᠤᠷᠢᠳᠠᠴᠢ ᠨᠦᠬᠦᠴᠡᠯ ᠬᠠᠩᠭᠠᠨᠨᠰᠠᠨ ᠪᠠᠶᠢᠨ᠎ᠠ᠃    ᠡᠳᠦᠭᠡ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠳᠤ 267 ᠲᠦᠮᠡᠨ ᠮᠥ ᠪᠠᠶᠢᠭᠠᠯᠢ ᠶᠢᠨ ᠬᠠᠳᠤᠯᠠᠩ ᠪᠡᠯᠴᠢᠭᠡᠷ ᠲᠠᠢ᠂ 1029 ᠮᠠᠯᠴᠢᠨ ᠡᠷᠦᠬᠡ᠂ 4480 ᠬᠦᠮᠦᠨ ᠠᠮᠠ ᠲᠠᠢ ᠪᠢᠯᠠ᠃ ᠤᠶᠢᠷ᠎ᠠ ᠶᠢᠨ ᠵᠢᠯ ᠳᠤ 100 ᠲᠣᠯᠣᠭᠠᠶ ᠠᠴᠠ ᠳᠡᠭᠡᠭᠰᠢᠬᠢ ᠮᠢᠬᠠᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠡᠷᠦᠬᠡ 45 ᠪᠤᠯᠵᠥ᠂ ᠲᠡᠵᠢᠭᠡᠨ ᠦᠷᠡᠵᠢᠭᠦᠯᠬᠦ ᠬᠤᠷᠰᠢᠶ᠎ᠠ ᠶᠢ 8 ᠪᠠᠶᠢᠭᠤᠯᠵᠦ᠂ ᠪᠠᠷᠢᠮᠵᠢᠶᠠᠵᠢᠭᠰᠡᠨ ᠴᠠᠭᠠᠨ ᠢᠳᠡᠭᠡᠨ ᠤ ᠬᠡᠷ ᠪᠦᠯᠢ ᠶᠢᠨ ᠮᠠᠯᠵᠢᠯ ᠤᠨ ᠲᠠᠯᠠᠪᠠᠶ᠂ ᠴᠠᠭᠠᠨ ᠢᠳᠡᠭᠡᠨ ᠡᠳ᠋ᠰᠢᠭᠦᠯᠬᠦ ᠬᠤᠷᠰᠢᠶ᠎ᠠ ᠶᠢ 25 ᠪᠠᠶᠢᠭᠤᠯᠤᠨᠨᠰᠠᠨ ᠪᠠᠶᠢᠨ᠎ᠠ᠃ ᠰᠢᠶᠠᠩ ᠲᠣᠰᠬᠤᠨ ᠬᠤᠯᠪᠣᠭᠠᠯᠠᠭᠰᠠᠨ 300 ᠭᠠᠷᠤᠶ ᠡᠷᠦᠬᠡ ᠶᠢ ᠳᠠᠶᠢᠴᠢᠯᠠᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠵᠦ᠂ ︽ᠲᠡᠮᠡᠭᠡᠨ ᠭᠤᠤᠯ︾ ᠵᠡᠷᠭᠡ ᠣᠷᠣᠨ ᠨᠤᠲᠤᠭ ᠤᠨ ᠤᠨᠴᠠᠯᠢᠭᠳᠤ ᠠᠵᠤ ᠦᠢᠯᠡᠰ ᠤᠨ ᠨᠠᠷᠠᠲᠤ ᠲᠥᠷᠥᠯ ᠳᠡᠮᠳᠡᠭ ᠢ ᠡᠬᠦᠳᠴᠤ 300 ᠭᠠᠷᠤᠶ ᠮᠠᠯᠵᠢᠬᠤ ᠡᠷᠦᠬᠡ ᠶᠢ ᠳᠠᠶᠢᠴᠢᠯᠠᠨ ᠳᠤᠮᠳᠠᠴᠢ ᠪᠠᠷ 8000 ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ ᠮᠠᠯᠴᠢᠤᠨ ᠤᠨ ᠵᠢᠯ ᠤᠨ ᠲᠤᠮᠳᠠᠴᠢ ᠤᠷᠤᠯᠭ᠎ᠠ ᠶᠢ 3 ᠲᠦᠮᠡᠨ ᠲᠦᠭᠦᠷᠢᠭ ᠨᠡᠮᠡᠭᠳᠡᠬᠦᠯᠦᠭᠰᠡᠨ ᠪᠠᠶᠢᠨ᠎ᠠ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠵᠢᠭᠤᠯᠴᠢᠯᠠᠯ ᠢ ᠬᠦᠭᠵᠢᠬᠦᠯᠬᠦ ᠠᠷᠭ᠎ᠠ ᠪᠤᠳᠤᠯᠭ᠎ᠠ ᠪᠠ ᠤᠷᠤᠨ ᠨᠤᠳᠤᠭ ᠤᠨ ᠢᠶᠠᠨ ᠤᠨᠴᠠᠯᠢᠭ ᠲᠤ ᠪᠠᠨ ᠲᠦᠰᠢᠭᠯᠡᠨ᠂ ᠵᠢᠭᠤᠯᠴᠢᠯᠠᠯ ᠤᠨ ᠱᠤᠭᠤᠮ ᠢ 2 ᠭᠠᠷᠭᠠᠵᠤ᠂ ᠵᠢᠯ ᠳᠤ ᠵᠢᠭᠤᠯᠴᠢᠯᠬᠠᠴᠢ ᠶᠢ 10 ᠲᠦᠮᠡᠨ ᠬᠥᠮᠦᠨ ︵ᠤᠳᠠᠭ᠎ᠠ︶ ᠭᠥᠯᠢᠶᠡᠨ ᠠᠪᠴᠤ᠂ ᠤᠶᠢᠷ᠎ᠠ ᠶᠢᠨ ᠬᠡᠳᠦᠨ ᠵᠢᠯ ᠳᠤ ᠵᠢᠭᠤᠯᠴᠢᠯᠠᠯ ᠤᠨ ᠣᠷᠣᠯᠭ᠎ᠠ ᠶᠢ 3000 ᠲᠦᠮᠡᠨ ᠲᠥᠭᠦᠷᠢᠭ ᠡᠭᠦᠤᠡᠴᠠᠢ᠃ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ᠠᠵᠤ ᠠᠬᠤᠢ ᠪᠠ ᠰᠣᠶᠣᠯ ᠵᠢᠭᠤᠯᠴᠢᠯᠠᠯ ᠢ ᠬᠥᠭᠵᠢᠭᠦᠯᠬᠦ ᠠᠴᠠ ᠭᠠᠳᠠᠨ᠎ᠠ᠂ ᠪᠠᠰᠠ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠢᠴᠢ ᠡᠮ ᠡᠮᠨᠡᠯᠭᠡ ᠪᠠ ᠰᠤᠷᠭᠠᠨ ᠬᠥᠮᠦᠵᠢᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠯᠢ ᠶᠢᠨ ᠠᠷᠠᠳ ᠤᠨ ᠠᠮᠤᠷ ᠲᠦᠪᠰᠢᠨ ᠤ ᠲᠦᠷᠦᠭᠳᠡᠯ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠠᠯᠬᠤᠮ ᠠᠯᠬᠤᠮ ᠢᠶᠠᠷ ᠨᠡᠮᠡᠭᠳᠡᠭᠦᠯᠪᠡ᠃    ︽ᠦᠩᠭᠡᠷᠡᠭᠰᠡᠨ ᠳᠤ ᠮᠠᠨ ᠤ ᠬᠢᠨ ᠤᠯᠠᠮᠵᠢᠯᠠᠯᠳᠤ ᠮᠠᠯᠵᠢᠬᠤ ᠠᠮᠢᠳᠤᠷᠠᠯ ᠳᠤ ᠲᠦᠰᠢᠭᠯᠡᠵᠦ ᠪᠠᠶᠢᠵᠠᠢ᠃ 2018 ᠤᠨ ᠳᠤ᠂ ᠦᠪᠡᠷ ᠤᠨ ᠨᠤᠳᠤᠭ ᠪᠡᠯᠴᠢᠭᠡᠷ ᠲᠤ ᠪᠠᠨ ᠮᠤᠩᠭᠤᠯ ᠭᠡᠷ ᠪᠤᠰᠬᠠᠵᠦ᠂ ᠲᠦᠪᠳᠠᠢ ᠶᠢᠨ ᠬᠠᠩᠭᠠᠢ ᠦᠨᠳᠦᠰᠦᠳᠡᠨ ᠤ ᠤᠨᠴᠠᠯᠢᠭ ᠲᠠᠢ ᠮᠠᠯᠴᠢᠨ ᠠᠶᠢᠯ ᠤᠨ ᠵᠢᠭᠤᠯᠴᠢᠯᠠᠯ ᠤᠨ ᠭᠠᠵᠠᠷ ᠪᠠᠶᠢᠭᠤᠯᠤᠨᠨᠰᠠᠨ ᠪᠠᠶᠢᠨ᠎ᠠ᠃ ᠤᠳᠤᠬᠠᠨ ᠳᠤ ᠵᠢᠭᠤᠯᠴᠢᠯᠠᠯ ᠤᠨ ᠬᠦᠭᠵᠢᠶᠡᠨᠳᠡᠢ ᠤᠯᠠᠷᠢᠯ ᠪᠤᠯᠤᠨᠨᠰᠠᠨ ᠢᠶᠠᠷ ᠡᠳᠦᠷ ᠪᠦᠷᠢ 100 ᠭᠠᠷᠤᠢ ᠵᠢᠭᠤᠯᠴᠢᠯᠬᠠᠴᠢ ᠶᠢ ᠬᠦᠯᠢᠶᠡᠨ ᠠᠪᠴᠦ ᠪᠤᠢ᠃ ᠵᠢᠭᠤᠯᠴᠢᠯᠠᠯ ᠤᠨ ᠵᠢᠯ ᠤᠨ ᠴᠡᠪᠡᠷ ᠤᠷᠤᠯᠭ᠎ᠠ 50 ᠲᠦᠮᠡ ᠰᠢᠬᠠᠮ ᠲᠦᠭᠦᠷᠢᠭ ᠬᠦᠷᠴᠤ ᠪᠠᠶᠢᠨ᠎ᠠ︾ ᠭᠡᠵᠦ ᠲᠦᠪᠳᠠᠢ ᠶᠢᠨ ᠬᠠᠩᠭᠠᠢ ᠵᠢᠭᠤᠯᠴᠢᠯᠠᠯ ᠤᠨ ᠭᠠᠵᠠᠷ ᠢ ᠡᠷᠬᠢᠯᠡᠵᠦ ᠪᠠᠶᠢᠭ᠎ᠠ ᠠᠷᠪᠢᠨᠬᠡᠰᠢᠭ ᠬᠠᠨᠤᠮᠵᠢᠳᠠᠢ ᠬᠡᠯᠡᠪᠡ᠃    ᠳᠥᠴᠢᠨ ᠵᠢᠯ ᠤᠨ ᠲᠤᠷᠰᠢ᠂ ᠮᠠᠨᠵᠤᠲ᠋ᠦ᠋ᠨ ᠤ ᠮᠠᠨᠵᠦ ᠦᠨᠳᠦᠰᠦᠲᠡᠨ ᠤ ᠰᠢᠶᠠᠩ ᠤᠨ ᠵᠠᠰᠠᠭ ᠤᠨ ᠣᠷᠳᠣᠨ ᠨᠢ ᠮᠠᠯᠴᠢᠳ ᠲᠠᠢ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ᠂ ᠤᠶᠤᠨ ᠤᠬᠠᠭᠠᠨ ᠪᠣᠯᠤᠨ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ ᠪᠠᠶᠢᠭᠤᠯᠵᠠᠢ᠃ ᠪᠠᠰᠠ ᠬᠢᠲᠠᠳ ᠦᠨᠳᠦᠰᠦᠲᠡᠨ᠂ ᠮᠣᠩᠭᠤᠯ ᠦᠨᠳᠦᠰᠦᠲᠡᠨ᠂ ᠮᠠᠨᠵᠤ ᠦᠨᠳᠦᠰᠦᠲᠡᠨ ᠵᠡᠷᠭᠡ ᠤᠯᠠᠨ ᠦᠨᠳᠦᠰᠦᠲᠡᠨ ᠪᠦᠯᠬᠦᠮᠳᠡᠡ ᠠᠵᠤ ᠠᠮᠢᠳᠤᠷᠠᠵᠤ᠂ ᠳᠤᠮᠳᠠᠳᠤ ᠶᠢᠨ ᠦᠨᠳᠦᠰᠦᠲᠡᠨ ᠤ ᠬᠠᠮᠳᠦ ᠶᠢᠨ ᠭᠡᠷ ᠤᠷᠤᠨ ᠢᠶᠠᠨ ᠴᠤᠨᠨᠴᠠᠯᠠᠨ ᠪᠠᠶᠢᠭᠤᠯᠤᠨ ᠦᠨᠳᠦᠰᠦᠲᠡᠨ ᠤ ᠪᠦᠯᠬᠦᠮᠳᠡᠯ ᠤᠨ ᠢᠯᠠᠯᠲᠠ ᠶᠢᠨ ᠳᠠᠭᠤᠤ ᠶᠢ ᠬᠠᠩᠭᠢᠨᠠᠭᠤᠯᠵᠦ᠂ ᠮᠠᠨᠵᠤ᠂ ᠮᠣᠩᠭᠤᠯ ᠦᠨᠳᠦᠰᠦᠳᠡᠨ ᠤ ᠠᠷᠠᠳ ᠤᠨ ᠤᠷᠤᠭ ᠪᠠᠷᠢᠯᠳᠤᠭᠰᠠᠨ ᠲᠡᠦᠬᠡ ᠶᠢᠨ ᠰᠠᠶᠢᠬᠠᠨ ᠦᠯᠢᠭᠡᠷ ᠡ᠊ᠨᠳᠡ ᠤᠯᠠᠮᠵᠢᠯᠠᠭᠳᠠᠵᠦ᠂ ᠦᠨᠳᠦᠰᠦᠲᠡᠨ ᠤ ᠪᠦᠯᠬᠦᠮᠳᠡᠯ᠂ ᠠᠵᠤ ᠦᠢᠯᠡᠰ ᠤᠨ ᠬᠥᠭᠵᠢᠯ ᠪᠠᠳᠠᠷᠠᠯ ᠤᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠬᠠᠰᠠᠨ ᠠᠴᠠ ᠤᠶᠢᠷ᠎ᠠ ᠶᠢᠨ ᠵᠢᠯ ᠳᠤ᠂ ᠮᠠᠨᠵᠤᠲ᠋ᠦ᠋ᠨ ᠤ ᠮᠠᠨᠵᠤ ᠦᠨᠳᠦᠰᠦᠲᠡᠨ ᠤ ᠰᠢᠶᠠᠩ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠰᠢᠶᠠᠩ︾ ᠤᠨ ᠴᠣᠯᠠ ᠶᠢ ᠳᠥᠷᠪᠡ ᠤᠳᠠᠭ᠎ᠠ ᠭᠥᠷᠳᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠰᠢᠶᠠᠩ︾ ᠤᠨ ᠴᠣᠯᠠ ᠶᠢ ᠬᠤᠶᠠᠷ ᠤᠳᠠᠭ᠎ᠠ ᠭᠥᠷᠳᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号