ᠡᠮᠦᠨᠡᠳᠤ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠠᠮᠦᠷ ᠲᠦᠪᠰᠢᠨ ᠤ ᠪᠤᠯᠪᠠᠰᠦᠷᠠᠯ ᠦᠷᠨᠢᠬᠦᠯᠵᠡᠢ
ᠨᠡᠶᠢᠲᠡᠯᠡᠭᠰᠡᠨ ᠴᠠᠭ᠄
2024/9/20
                      ᠤᠶᠢᠷ᠎ᠠ ᠳᠤ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ ᠡᠮᠦᠨᠡᠳᠤ ᠬᠤᠰᠢᠭᠤᠨ ᠤ ᠶᠢᠨ ᠰᠢᠤ ᠬᠤᠸᠠ ᠶᠤᠸᠠᠨ ᠠᠳᠠᠯ ᠠᠬᠤᠢ ᠶᠢᠨ ᠬᠠᠮᠢᠶᠠᠷᠦᠯᠳᠠ ᠶᠢᠨ ᠺᠤᠮᠫᠠᠨᠢ ᠳᠤ ᠬᠦᠷᠴᠦ ᠭᠠᠯ ᠰᠡᠷᠬᠡᠶᠢᠯᠡᠵᠦ ᠤᠨᠳᠠᠷᠠᠭᠠᠬᠤ ᠤᠬᠠᠭᠤᠯᠭ᠎ᠠ ᠶᠢᠨ ᠪᠤᠯᠪᠠᠰᠦᠷᠠᠯ ᠤᠨ ᠠᠵᠢᠯᠯᠠᠭ᠎ᠠ ᠦᠷᠨᠢᠬᠦᠯᠵᠡᠢ᠃     ᠪᠤᠯᠪᠠᠰᠦᠷᠠᠯ ᠳᠤ᠂ ᠭᠠᠯ ᠰᠡᠷᠬᠡᠶᠢᠯᠡᠵᠦ ᠤᠨᠳᠠᠷᠠᠭᠠᠬᠤ ᠰᠠᠶᠢᠨ ᠲᠤᠷᠠᠴᠤᠤᠯ ᠶᠢᠨ ᠰᠢᠤ ᠬᠤᠸᠠ ᠶᠤᠸᠠᠨ ᠠᠳᠠᠯ ᠠᠬᠤᠢ ᠶᠢᠨ ᠬᠠᠮᠢᠶᠠᠷᠦᠯᠳᠠ ᠶᠢᠨ ᠺᠤᠮᠫᠠᠨᠢ ᠶᠢᠨ ᠪᠤᠳᠠᠳᠠᠢ ᠪᠠᠶᠢᠳᠠᠯ ᠳᠤ ᠴᠢᠭᠯᠡᠬᠦᠯᠦᠨ᠂ ᠭᠠᠯ ᠤᠨ ᠠᠶᠤᠯ ᠤᠨ ᠬᠡᠷᠡᠭ ᠲᠠᠢ ᠤᠶᠠᠯᠳᠤᠭᠤᠯᠤᠨ᠂ ᠭᠠᠯ ᠰᠡᠷᠬᠡᠶᠢᠯᠡᠵᠦ ᠤᠨᠳᠠᠷᠠᠭᠠᠬᠤ ᠬᠠᠤᠯᠢ ᠴᠠᠭᠠᠵᠠ ᠬᠠᠤᠯᠢ ᠲᠦᠷᠢᠮ᠂ ᠭᠠᠯ ᠤᠨ ᠠᠶᠤᠯ ᠤᠨ ᠲᠠᠯᠳᠠ ᠬᠡᠮ ᠢ ᠪᠠᠶᠢᠴᠠᠭᠠᠬᠤ ᠵᠢᠴᠢ ᠭᠠᠯ ᠤᠨ ᠠᠶᠤᠯ ᠭᠠᠷᠪᠠᠯ ᠬᠡᠷᠬᠢᠨ ᠴᠠᠬᠳᠠᠭ᠎ᠠ ᠳᠤ ᠮᠡᠳᠡᠬᠦᠯᠬᠦ᠂ ᠭᠠᠯ ᠤᠨᠳᠠᠷᠠᠭᠠᠭᠤᠷ ᠢ ᠬᠡᠷᠬᠢᠨ ᠬᠡᠷᠡᠭᠯᠡᠬᠦ ᠪᠠ ᠦᠪᠡᠷ ᠢ ᠪᠠᠨ ᠠᠪᠦᠷᠠᠬᠤ ᠵᠡᠷᠭᠡ ᠲᠠᠯ᠎ᠠ ᠪᠠᠷ ᠨᠠᠷᠢᠯᠢᠭ ᠲᠠᠶᠢᠯᠪᠦᠷᠢᠯᠠᠯᠳᠠ ᠬᠢᠵᠡᠢ᠃    ᠪᠤᠯᠪᠠᠰᠦᠷᠠᠯ ᠢᠶᠠᠷ ᠳᠠᠮᠵᠢᠨ᠂ ᠠᠳᠠᠯ ᠠᠬᠤᠢ ᠶᠢᠨ ᠠᠵᠢᠯᠳᠠᠳ ᠤᠨ ᠭᠠᠯ ᠰᠡᠷᠬᠡᠶᠢᠯᠡᠵᠦ ᠤᠨᠳᠠᠷᠠᠭᠠᠬᠤ ᠲᠤᠬᠠᠶᠢᠯᠠᠬᠰᠠᠨ ᠠᠵᠢᠯ ᠤᠨ ᠬᠢᠷᠢ ᠲᠦᠪᠰᠢᠨ ᠢ ᠦᠨᠡᠨᠬᠦ ᠲᠡᠭᠡᠭᠰᠢᠯᠡᠬᠦᠯᠪᠠ᠃                                   ︵ᠬᠠᠨ᠎ᠠ︶ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号