ᠡᠮᠤᠨᠡᠳᠤ ᠬᠤᠰᠢᠭᠤ ᠪᠤᠳᠠᠰ ᠤᠨ ᠪᠤᠰᠥ ᠰᠤᠶᠤᠯ ᠤᠨ ᠦᠪ ᠢᠶᠠᠨ ᠰᠠᠶᠢᠳᠤᠷ ᠬᠠᠮᠠᠭᠠᠯᠠᠵᠦ ᠪᠠᠶᠢᠨ᠎ᠠ
ᠨᠡᠶᠢᠲᠡᠯᠡᠭᠰᠡᠨ ᠴᠠᠭ᠄
2024/9/20
    ︵ᠰᠤᠷᠪᠤᠯᠵᠢᠯᠠᠭᠴᠢ ᠤᠷᠠᠨᠳᠤᠳᠢ ᠱᠤᠸᠠᠩ ᠴᠢᠥᠸᠠᠨ︶ ᠤᠶᠢᠷ᠎ᠠ ᠳᠤ᠂ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠪᠤᠳᠠᠰ ᠤᠨ ᠪᠤᠰᠥ ᠰᠤᠶᠤᠯ ᠤᠨ ᠦᠪ ᠢ ᠬᠠᠮᠠᠭᠠᠯᠠᠬᠤ ᠲᠦᠪ ᠤᠨ ᠬᠢᠨ ᠡᠮᠥᠨᠡᠳᠥ ᠬᠤᠰᠢᠭᠤᠨ ᠤ ᠬᠤᠷᠴᠢᠨ ᠪᠠᠯᠭᠠᠰᠥᠨ ᠤ ᠨᠤᠮ ᠤᠨ ᠰᠠᠩ ᠳᠤ ᠲᠦᠷᠪᠡᠨ ᠤᠳᠠᠰᠥᠳᠥ ᠬᠤᠭᠤᠷ ᠬᠦᠭᠵᠢᠮᠳᠡᠬᠦ᠂ ᠵᠠᠰᠠᠭᠳᠥ ᠬᠠᠳᠬᠤᠮᠠᠯ ᠤᠷᠠᠯᠠᠬᠤ᠂ ᠮᠤᠩᠭᠤᠯ ᠰᠢᠳᠠᠷ᠎ᠠ ᠲᠠᠯᠪᠢᠬᠤ ᠪᠠ ᠠᠨᠳᠠᠢ ᠪᠦᠵᠢᠭ ᠪᠦᠵᠢᠭᠯᠡᠬᠦ ᠵᠡᠷᠭᠡ ᠪᠤᠳᠠᠰ ᠤᠨ ᠪᠤᠰᠥ ᠰᠤᠶᠤᠯ ᠤᠨ ᠦᠪ ᠢ ᠤᠬᠠᠭᠤᠯᠬᠤ ᠲᠤᠭᠯᠠᠯᠳᠠ ᠪᠤᠯᠤᠨ ᠳᠡᠯᠭᠡᠨ ᠦᠵᠡᠬᠦᠯᠭᠡ ᠭᠠᠷᠭᠠᠵᠤ᠂ ᠦᠨᠳᠦᠰᠦᠳᠡᠨ ᠤ ᠰᠤᠶᠤᠯ ᠤᠷᠠᠯᠢᠭ ᠤᠨ ᠷᠢᠳᠢ ᠰᠢᠳᠢ ᠶᠢ ᠭᠠᠶᠢᠬᠠᠭᠤᠯᠤᠬᠰᠠᠨ ᠪᠠᠶᠢᠨ᠎ᠠ᠃    ᠡᠮᠥᠨᠡᠳᠥ ᠬᠤᠰᠢᠭᠤᠨ ᠤ ᠨᠤᠮ ᠤᠨ ᠰᠠᠩ ᠤᠨ ᠬᠤᠶᠠᠳᠤᠭᠠᠷ ᠠᠰᠠᠷ ᠤᠨ ᠠᠵᠢᠯᠯᠠᠬᠤ ᠦᠷᠥᠭᠡᠨ ᠳᠤ ᠵᠠᠰᠠᠭᠳᠥ ᠬᠠᠳᠬᠤᠮᠠᠯ ᠤᠨ ᠤᠷᠠᠨ ᠪᠦᠰᠡᠬᠦᠶᠢᠴᠤᠳ ᠪᠦᠳᠥᠭᠡᠯ ᠰᠤᠳᠤᠯᠤᠭᠠᠳ ᠶᠡᠬᠡᠯ᠎ᠠ ᠬᠦᠭᠵᠢᠶᠡᠨ ᠲᠠᠢ ᠪᠠᠶᠢᠯ᠎ᠠ᠃ ᠰᠢᠷᠡᠭᠡ ᠲᠦᠬᠦᠷᠡᠩ ᠲᠡᠯᠭᠡᠭᠰᠡᠨ ᠮᠤᠩᠭᠤᠯ ᠲᠡᠷᠯᠢᠭ᠂ ᠳᠠᠮᠠᠬᠢᠨ ᠤᠭᠤᠳᠠ᠂ ᠭᠠᠷ ᠪᠤᠭᠴᠤ᠂ ᠵᠠᠰᠠᠯ ᠵᠢᠮᠰᠡᠭ ᠤᠨ ᠡᠳ᠋ ᠵᠡᠷᠭᠡ ᠨᠢ ᠦᠡᠭᠭᠡ ᠪᠤᠳᠤᠭ ᠢᠯᠭᠠᠷᠠᠵᠦ᠂ ᠦᠨᠳᠥᠰᠥᠳᠡᠨ ᠤ ᠤᠨᠴᠠᠯᠢᠭ ᠢ ᠲᠤᠳᠤᠷᠠᠭᠤᠯᠤᠨ᠂ ᠦᠵᠡᠭᠰᠡᠨ ᠪᠦᠬᠦᠨ ᠤ ᠪᠠᠭ᠋ᠠᠷᠬᠠᠯ ᠢ ᠳᠠᠳᠠᠨ᠎ᠠ᠃    ︽ᠪᠢᠳᠡ ᠭᠠᠷᠠᠭ ᠪᠦᠷᠢ ᠡ᠊ᠨᠳᠡ ᠢᠷᠡᠵᠦ ᠨᠢᠭᠡ ᠠᠴᠠ ᠬᠤᠶᠠᠷ ᠤᠳᠠᠭ᠎ᠠ ᠪᠤᠯᠪᠠᠰᠤᠷᠠᠯ ᠳᠤ ᠤᠷᠤᠯᠴᠠᠵᠤ ᠪᠠᠶᠢᠨ᠎ᠠ ᠃ ᠤᠷᠤᠨ ᠪᠠ ᠠᠶᠢᠮᠠᠭ ᠤᠨ ᠳᠡᠰ ᠤᠨ ᠪᠤᠳᠠᠰ ᠤᠨ ᠪᠤᠰᠥ ᠰᠤᠶᠤᠯ ᠤᠨ ᠦᠪ ᠤᠨ ᠦᠪᠯᠡᠨ ᠤᠯᠠᠮᠵᠢᠯᠠᠭᠴᠢ ᠪᠠᠭᠰᠢ ᠨᠠᠷ ᠪᠢᠳᠡᠨ ᠳᠤ ᠵᠠᠰᠠᠭᠳᠥ ᠬᠠᠳᠬᠤᠮᠠᠯ ᠢ ᠤᠷᠠᠯᠠᠵᠤ ᠪᠦᠳᠥᠭᠡᠬᠦ ᠮᠡᠷᠭᠡᠵᠢᠯ ᠵᠢᠭᠠᠵᠤ ᠦᠭᠳᠡᠭ᠂ ᠪᠢᠳᠡ ᠪᠠᠰᠠ ᠪᠠᠭᠰᠢ ᠨᠠᠷ ᠤᠨ ᠵᠢᠯᠤᠭᠤᠳᠤᠯᠭ᠎ᠠ ᠬᠠᠪᠰᠤᠷᠤᠯᠭ᠎ᠠ ᠪᠠᠷ ᠵᠠᠰᠠᠭᠳᠥ ᠬᠠᠳᠬᠤᠮᠠᠯ ᠢᠶᠠᠨ ᠢᠳᠡᠪᠬᠢᠳᠡᠢ ᠤᠯᠠᠮᠵᠢᠯᠠᠨ ᠬᠦᠭᠵᠢᠭᠦᠯᠵᠦ ᠪᠤᠢ︾ ᠭᠡᠵᠤ ᠤᠶᠤᠳᠠᠯᠴᠢᠨ ᠪᠦᠰᠡᠬᠦᠢ ᠮᠠᠨ ᠯᠢᠶᠠᠩ ᠰᠤᠷᠪᠤᠯᠵᠢᠯᠠᠭᠴᠢ ᠳᠤ ᠬᠡᠯᠡᠪᠡ᠃    ᠡᠮᠥᠨᠡᠳᠥ ᠬᠤᠰᠢᠭᠤᠨ ᠤ ᠪᠤᠳᠠᠰ ᠤᠨ ᠪᠤᠰᠥ ᠰᠤᠶᠤᠯ ᠤᠨ ᠦᠪ ᠢ ᠬᠠᠮᠠᠭᠠᠯᠠᠬᠤ ᠲᠦᠪ ᠤᠨ ᠬᠢᠨ ᠲᠦᠷᠪᠡᠨ ᠤᠳᠠᠰᠥᠳᠥ ᠬᠤᠭᠤᠷ ᠬᠦᠭᠵᠢᠮᠳᠡᠬᠦ᠂ ᠵᠠᠰᠠᠭᠳᠥ ᠬᠠᠳᠬᠤᠮᠠᠯ ᠤᠷᠠᠯᠠᠬᠤ᠂ ᠮᠤᠩᠭᠤᠯ ᠰᠢᠳᠠᠷ᠎ᠠ ᠲᠠᠯᠪᠢᠬᠤ᠂ ᠠᠨᠳᠠᠢ ᠪᠦᠵᠢᠭ ᠪᠦᠵᠢᠭᠯᠡᠬᠦ ᠵᠡᠷᠭᠡ ᠪᠤᠳᠠᠰ ᠤᠨ ᠪᠤᠰᠥ ᠰᠤᠶᠤᠯ ᠤᠨ ᠦᠪ ᠢ ᠤᠬᠠᠭᠤᠯᠬᠤ ᠲᠤᠭᠯᠠᠯᠳᠠ ᠪᠤᠯᠤᠨ ᠳᠡᠯᠭᠡᠨ ᠦᠵᠡᠬᠦᠯᠭᠡ ᠶᠢ ᠵᠢᠯ ᠪᠦᠷᠢ ᠬᠡᠳᠦ ᠤᠳᠠᠭ᠎ᠠ ᠭᠠᠷᠭᠠᠵᠦ᠂ ᠪᠤᠳᠠᠰ ᠤᠨ ᠪᠤᠰᠥ ᠰᠤᠶᠤᠯ ᠤᠨ ᠦᠪ ᠢ ᠨᠡᠩ ᠤᠯᠠᠨ ᠬᠦᠮᠥᠨ ᠳᠤ ᠲᠠᠨᠢᠭᠤᠯᠥᠨ᠂ ᠨᠡᠩ ᠤᠯᠠᠨ ᠬᠦᠮᠥᠨ ᠢ ᠳᠠᠶᠢᠴᠢᠯᠠᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠵᠦ ᠬᠦᠭᠵᠢᠭᠦᠯᠬᠦ ᠳᠤ ᠤᠷᠤᠯᠴᠠᠭᠤᠯᠵᠦ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号