1. ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠦ ᠨᠣᠷᠮ᠎ᠠ ᠶᠢ ᠪᠠᠭᠠᠰᠬᠠᠨ᠎ᠠ᠃ ᠴᠢᠰᠤ | ᠬᠠᠨᠳᠢᠪᠯᠡᠬᠤ ᠨᠢ ᠴᠢᠰᠤ ᠶᠢ ᠰᠢᠩᠭᠡᠷᠡᠭᠦᠯᠵᠦ᠂ ᠴᠢᠰᠤᠨ ᠤ ᠡᠷᠭᠢᠯᠲᠡ ᠶᠢᠨ ᠬᠤᠷᠳᠤᠴᠠ ᠶᠢ ᠲᠦᠷᠭᠡᠳᠬᠡᠨ᠂ | ᠴᠢᠰᠤᠨ ᠤ ᠬᠦᠴᠢᠯᠲᠥ᠋ᠷᠥᠭᠴᠢ ᠳᠠᠮᠵᠢᠭᠤᠯᠬᠤ ᠪᠠ ᠰᠢᠮ᠎ᠡ ᠲᠡᠵᠢᠭᠡᠯ ᠤᠨ ᠪᠣᠳᠠᠰ ᠢ ᠳᠠᠮᠵᠢᠭᠤᠯᠬᠤ ᠴᠢᠳᠠᠪᠤᠷᠢ ᠶᠢ | ᠳᠡᠭᠡᠭᠰᠢᠯᠡᠭᠦᠯᠵᠦ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠭᠦᠰᠬᠦ ᠨᠤᠷᠮ᠎ᠠ ᠶᠢ ᠪᠠᠭᠠᠰᠬᠠᠨ᠎ᠠ᠃ | 2. ᠴᠢᠰᠤ ᠪᠦᠲᠦᠭᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠵᠣᠬᠢᠬᠤ ᠬᠡᠮᠵᠢᠶᠡᠨ ᠤ ᠴᠢᠰᠤ ᠬᠠᠨᠳᠢᠪᠯᠡᠬᠤ ᠨᠢ | ᠴᠢᠰᠤᠨ ᠤ ᠡᠰ ᠤᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠴᠢᠮᠦᠭᠡ ᠳᠤ ᠰᠡᠳᠡᠯᠲᠡ ᠥᠭᠴᠦ ᠴᠢᠰᠤ | ᠪᠦᠲᠦᠭᠡᠨ᠂ ᠴᠢᠰᠤᠨ ᠤ ᠰᠢᠨ᠎ᠡ ᠤᠯᠠᠭᠠᠨ ᠡᠰ ᠢ ᠪᠣᠢ ᠪᠣᠯᠭᠠᠵᠤ᠂ ᠴᠢᠰᠤ ᠪᠦᠲᠦᠭᠡᠬᠦ ᠴᠢᠳᠠᠪᠤᠷᠢ ᠶᠢ ᠨᠡᠮᠡᠭᠳᠡᠭᠦᠯᠦᠨ᠎ᠡ | ᠃ | 3. ᠴᠢᠰᠤᠨ ᠳᠠᠬᠢ ᠲᠡᠮᠦᠷ ᠤᠨ ᠥᠳᠬᠡᠴᠡ ᠶᠢ ᠪᠠᠭᠤᠷᠠᠭᠤᠯᠤᠨ᠎ᠠ᠃ ᠵᠣᠬᠢᠬᠤ ᠬᠡᠮᠵᠢᠶᠡᠨ ᠤ ᠴᠢᠰᠤ | ᠬᠠᠨᠳᠢᠪᠯᠡᠬᠤ ᠨᠢ ᠪᠡᠶ᠎ᠡ ᠶᠢᠨ ᠴᠢᠰᠤᠨ ᠳᠣᠲᠣᠷᠠᠬᠢ ᠲᠡᠮᠦᠷ ᠤᠨ ᠥᠳᠬᠡᠴᠡ ᠶᠢ ᠪᠠᠭᠤᠷᠠᠭᠤᠯᠬᠤ ᠶᠢᠨ ᠤᠯᠠᠮ ᠠᠴᠠ | ᠲᠡᠮᠦᠷ ᠤᠨ ᠳᠣᠲᠣᠷ ᠡᠷᠬᠡᠲᠡᠨ ᠳᠤ ᠤᠴᠠᠷᠠᠭᠤᠯᠬᠤ ᠬᠤᠬᠢᠷᠠᠯ ᠢ ᠪᠠᠭᠠᠰᠬᠠᠨ᠎ᠠ᠃ ᠤᠴᠢᠷ ᠨᠢ ᠬᠡᠷᠪᠡ ᠣᠷᠭᠠᠨᠢᠭ | ᠪᠡᠶ᠎ᠡ ᠶᠢᠨ ᠳᠣᠲᠣᠷᠠᠬᠢ ᠲᠡᠮᠦᠷ ᠤᠨ ᠥᠳᠬᠡᠴᠡ ᠨᠢ ᠬᠡᠲᠦᠷᠬᠡᠢ ᠶᠡᠭᠡ ᠪᠣᠯ ᠡᠯᠢᠭᠡ᠂ ᠵᠢᠷᠦᠬᠡ ᠵᠡᠷᠭᠡ ᠡᠷᠬᠡᠲᠡᠨ ᠳᠤ | ᠬᠤᠷᠠᠵᠤ᠂ ᠡᠷᠬᠡᠲᠡᠨ ᠤ ᠳᠠᠷᠤᠭᠠᠰᠤ ᠶᠢ ᠬᠦᠨᠳᠦᠷᠡᠭᠦᠯᠵᠦ᠂ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠨᠥᠯᠥᠭᠡᠯᠡᠳᠡᠭ᠃ | | 4. ᠰᠡᠳᠬᠢᠴᠡ ᠶᠢᠨ ᠡᠷᠡᠭᠦᠯ ᠮᠡᠨᠳᠦ ᠳᠤ ᠲᠤᠰᠠᠲᠠᠢ᠃ ᠴᠢᠰᠤ ᠬᠠᠨᠳᠢᠪᠯᠡᠬᠤ ᠨᠢ ᠮᠡᠳᠡᠷᠡᠯ — ᠪᠡᠶ᠎ᠡ ᠶᠢᠨ | ᠰᠢᠩᠭᠡᠨ — ᠳᠣᠲᠣᠭᠠᠳᠤ ᠰᠢᠭᠦᠷᠡᠯ ᠤᠨ ᠰᠢᠰᠲ᠋ᠧᠮ ᠤᠨ ᠲᠣᠬᠢᠷᠠᠭᠤᠯᠤᠯᠲᠠ ᠳᠤ ᠲᠤᠰᠠᠲᠠᠢ᠂ ᠬᠥᠮᠥᠨ ᠤ | ᠰᠡᠳᠬᠢᠴᠡ ᠶᠢᠨ ᠠᠵᠢᠯᠯᠠᠭ᠎ᠠ ᠶᠢ ᠰᠠᠶᠢᠵᠢᠷᠠᠭᠤᠯᠬᠤ ᠶᠢᠨ ᠤᠯᠠᠮ ᠠᠴᠠ ᠰᠡᠳᠬᠢᠴᠡ ᠶᠢᠨ ᠡᠷᠡᠭᠦᠯ ᠮᠡᠨᠳᠦ ᠳᠤ | ᠲᠤᠰᠠᠲᠠᠢ᠃ |