ᠡᠥ ᠢᠤᠢ ᠵᠧᠨ ᠦᠨᠳᠥᠰᠥᠨ ᠱᠠᠳᠥᠨ ᠤ ᠰᠤᠷᠭᠠᠨ ᠬᠦᠮᠥᠵᠢᠯ ᠳᠤ ᠦᠨᠡᠨᠴᠢ ᠰᠢᠳᠤᠷᠭᠤ ᠵᠢᠳᠭᠦᠨ᠎ᠠ
ᠨᠡᠶᠢᠲᠡᠯᠡᠭᠰᠡᠨ ᠴᠠᠭ᠄
2024/9/20
                           ● ᠰᠤᠷᠪᠤᠯᠵᠢᠯᠠᠭᠴᠢ ᠤᠷᠠᠨᠳᠤᠳᠢ    ᠲᠦᠴᠢᠳᠡᠬᠢ ᠪᠠᠭᠰᠢ ᠶᠢᠨ ᠪᠠᠶᠠᠷ ᠢ ᠪᠡᠯᠭᠡᠯᠡᠬᠦ ᠲᠠᠰᠢᠷᠠᠮ ᠢᠶᠠᠷ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠨᠢᠭᠡᠳᠥᠭᠡᠷ ᠪᠠᠭ᠎ᠠ ᠰᠤᠷᠭᠠᠭᠤᠯᠢ ᠶᠢᠨ ᠰᠢᠯᠢᠳᠡᠭ ᠪᠠᠭᠰᠢ᠂ ᠰᠢᠯᠢᠳᠡᠭ ᠠᠩᠬᠢ ᠶᠢᠨ ᠡᠷᠬᠢᠯᠡᠭᠴᠢ ᠡᠥ ᠢᠤᠢ  ᠵᠧᠨ ᠢ ᠰᠤᠷᠪᠤᠯᠵᠢᠯᠠᠬᠤ ᠪᠠᠷ ᠬᠦᠷᠬᠦ ᠳᠤ ᠳᠡᠷᠡ ᠶᠠᠭ ᠰᠠᠶ᠋ᠢᠬᠠᠨ ᠬᠢᠴᠢᠶᠡᠯ ᠢᠶᠠᠨ ᠪᠡᠯᠡᠳᠬᠡᠬᠡᠳ ᠲᠤᠩ ᠶᠠᠭᠠᠷᠠᠵᠤ ᠪᠠᠶᠢᠯ᠎ᠠ᠃    ᠡᠥ ᠢᠤᠢ ᠵᠧᠨ ᠪᠠᠭᠰᠢ ᠵᠢᠭᠠᠨ ᠰᠤᠷᠭᠠᠯᠳᠠ ᠶᠢᠨ ᠠᠵᠢᠯ ᠳᠤ ᠰᠢᠷᠤᠩᠬᠠᠶᠢᠯᠠᠭᠠᠳ ᠨᠢᠭᠡᠨᠳᠡ 19 ᠵᠢᠯ ᠤᠨ ᠨᠢᠭᠤᠷ ᠢ ᠦᠵᠡᠵᠤ ᠪᠤᠢ᠃ ᠲᠡᠷᠡ ᠳᠤᠭᠠᠨ ᠤ ᠤᠬᠠᠭᠠᠨ ᠵᠢᠭᠠᠵᠦ ᠪᠤᠢ᠃ ᠤᠯᠤᠰ ᠤᠨ ᠨᠢᠭᠡᠳᠥᠯᠳᠡᠢ ᠨᠠᠶᠢᠷᠠᠭᠤᠯᠤᠭᠰᠠᠨ ᠵᠢᠭᠠᠬᠤ  ᠮᠠᠲ᠋ᠧᠷᠢᠶᠠᠯ ᠢ ᠬᠡᠷᠡᠭᠯᠡᠭᠰᠡᠨ ᠠᠴᠠ ᠬᠢᠴᠢᠶᠡᠯ ᠤᠨ ᠠᠭᠤᠯᠭ᠎ᠠ ᠨᠢ ᠶᠡᠬᠡᠪᠡᠷ ᠦᠭᠡᠷᠡᠴᠢᠯᠡᠭᠳᠡᠪᠡ᠃ ᠡᠭᠦᠨ ᠳᠤ ᠲᠡᠷᠡ ᠡᠯ᠎ᠠ ᠵᠦᠢᠯ ᠤᠨ ᠰᠤᠷᠤᠯᠴᠠᠯᠭ᠎ᠠ ᠪᠤᠯᠪᠠᠰᠤᠷᠠᠯ ᠳᠤ ᠢᠳᠡᠪᠬᠢᠳᠠᠢ ᠤᠷᠤᠯᠴᠠᠨ᠂ ᠬᠢᠴᠢᠶᠡᠯ ᠢᠶᠠᠨ ᠨᠠᠷᠢᠨ ᠬᠢᠨᠠᠮᠠᠭᠠᠢ ᠵᠢᠭᠠᠵᠦ᠂ ᠰᠤᠷᠤᠬᠴᠢ ᠪᠠᠨ ᠰᠢᠯᠢᠳᠡᠭ ᠬᠦᠮᠦᠵᠢᠭᠦᠯᠬᠦ ᠪᠠᠷ ᠴᠢᠷᠮᠠᠶᠢᠵᠠᠢ᠃    ᠲᠡᠷᠡ ᠡᠩ ᠤᠨ ᠬᠢᠴᠢᠶᠡᠯ ᠵᠢᠭᠠᠵᠦ ᠪᠠᠶᠢᠬᠰᠠᠨ ᠠᠴᠠ ᠪᠠᠨ ᠤᠳᠤ ᠠᠩᠬᠢ ᠶᠢᠨ ᠡᠷᠬᠢᠯᠡᠭᠴᠢ ᠶᠢᠨ ᠠᠵᠢᠯ ᠢ ᠬᠠᠷᠢᠭᠤᠴᠠᠵᠦ᠂ ᠠᠷᠢᠭᠤᠨ ᠬᠦᠯᠥᠰᠥ ᠪᠠ ᠡᠷᠬᠢᠮ ᠨᠠᠨᠳᠢᠨ ᠬᠠᠶᠢᠷ᠎ᠠ ᠪᠠᠷ ᠢᠶᠠᠨ ᠰᠤᠷᠤᠬᠴᠢ ᠪᠠᠨ ᠬᠦᠮᠦᠵᠢᠭᠦᠯᠵᠦ᠂ ᠤᠷᠢᠳ ᠬᠤᠵᠢᠳ ᠬᠤᠰᠢᠭᠤᠨ ᠳᠡᠰ ᠤᠨ ᠰᠢᠯᠢᠳᠡᠭ ᠪᠠᠭᠰᠢ᠂ ᠠᠶᠢᠮᠠᠭ ᠤᠨ ᠳᠡᠰ ᠤᠨ ᠰᠢᠯᠢᠳᠡᠭ ᠠᠩᠬᠢ ᠶᠢᠨ ᠡᠷᠬᠢᠯᠡᠭᠴᠢ᠂ ᠬᠤᠰᠢᠭᠤᠨ ᠳᠡᠰ ᠤᠨ ᠵᠢᠭᠠᠨ ᠰᠤᠷᠭᠠᠯᠳᠠ ᠶᠢᠨ ᠴᠢᠳᠠᠪᠤᠷᠢᠳᠠᠨ᠂ ᠬᠤᠰᠢᠭᠤᠨ ᠳᠡᠰ ᠤᠨ ᠰᠢᠯᠢᠳᠡᠭ ᠨᠠᠮ ᠤᠨ ᠬᠡᠰᠢᠬᠦᠨ ᠵᠡᠷᠭᠡ ᠢᠷᠠᠭᠤ ᠠᠯᠳᠠᠷ ᠢ ᠬᠦᠷᠳᠡᠭᠰᠡᠨ ᠪᠦᠭᠡᠳ ᠳᠡᠬᠦᠨ ᠤ ᠵᠢᠭᠠᠵᠤ ᠦᠡᠭᠭᠡᠷᠡᠭᠰᠡᠨ ᠠᠩᠬᠢ ᠨᠢ ᠬᠤᠰᠢᠭᠤᠨ ᠳᠡᠰ ᠤᠨ ᠰᠢᠯᠢᠳᠡᠭ ᠠᠩᠬᠢ ᠪᠠ ᠬᠤᠰᠢᠭᠤᠨ ᠳᠡᠰ ᠤᠨ ᠳᠡᠷᠢᠬᠦᠨ ᠤ ᠠᠩᠬᠢ ᠨᠢᠭᠡᠴᠢ ᠪᠠᠷ ᠦᠨᠡᠯᠡᠭᠳᠡᠪᠡ᠃    ᠡᠥ ᠢᠤᠢ ᠵᠧᠨ ᠠᠵᠢᠯ ᠳᠠᠭᠠᠨ ᠬᠠᠷᠢᠭᠤᠴᠠᠯᠭ᠎ᠠ ᠲᠠᠢ᠂ ᠰᠤᠷᠤᠭᠴᠢᠳ ᠲᠠᠭᠠᠨ ᠬᠠᠶᠢᠷ᠎ᠠ ᠲᠠᠢ᠂ ᠬᠠᠶᠢᠷ᠎ᠠ ᠬᠠᠷᠢᠭᠤᠴᠠᠯᠭ᠎ᠠ ᠶᠢ ᠵᠡᠷᠭᠡᠪᠡᠷ ᠬᠥᠢᠴᠡᠳᠭᠡᠵᠤ ᠶᠠᠪᠤᠬᠰᠠᠨ ᠰᠢᠯᠢᠳᠡᠭ ᠪᠠᠭᠰᠢ ᠪᠤᠯᠬᠤ ᠶᠤᠮ᠃ ᠳᠡᠷᠡ ᠰᠤᠷᠤᠭᠴᠢ ᠨᠢᠭᠡᠪᠤᠷᠢ ᠶᠢᠨ ᠦᠨᠳᠥᠰᠥᠨ ᠪᠠᠶᠢᠳᠠᠯ ᠢ ᠨᠠᠷᠢᠯᠢᠭ ᠤᠶᠢᠯᠠᠭᠠᠵᠤ᠂ ᠠᠮᠢᠳᠤᠷᠠᠯ ᠬᠦᠴᠢᠷᠳᠡᠢ ᠰᠤᠷᠤᠭᠴᠢ ᠪᠠᠨ ᠬᠠᠯᠠᠮᠵᠢᠯᠠᠨ᠂ ᠰᠤᠷᠤᠭᠴᠢ ᠳᠠᠭᠠᠨ ︽ᠡᠬᠡ︾ ᠶᠢᠨ ᠬᠠᠶᠢᠷ᠎ᠠ ᠶᠢ ᠬᠦᠷᠳᠡᠭᠡᠵᠦ ᠶᠠᠪᠤᠯ᠎ᠠ᠃ ᠳᠡᠬᠦᠨ ᠤ ᠠᠩᠬᠢ ᠳᠤ ᠴᠧᠨ ᠡᠾᠧ ᠶᠠᠩ ᠬᠡᠳᠡᠭ ᠰᠤᠷᠤᠭᠴᠢ ᠪᠠᠶᠢᠵᠠᠢ᠃ ᠠᠪᠤ ᠡᠵᠢ ᠨᠢ ᠤᠷᠤᠭ ᠰᠠᠯᠤᠭᠰᠠᠨ ᠠᠴᠠ ᠰᠠᠳᠥᠨ ᠤ ᠳᠠᠭᠠᠨ ᠰᠠᠭᠤᠵᠤ ᠰᠤᠷᠤᠯᠴᠠᠨ᠂ ᠪᠢᠴᠢᠭ ᠰᠤᠶᠤᠯ ᠳᠠᠭᠠᠨ ᠰᠢᠮᠳᠠᠬᠤ ᠦᠬᠡᠢ᠂ ᠬᠠᠮᠳᠥ ᠰᠤᠷᠤᠯᠭᠠᠳᠠᠨ ᠲᠠᠢ ᠪᠠᠨ ᠦᠷᠬᠦᠯᠵᠢ ᠬᠡᠷᠡᠬᠦᠯ ᠵᠤᠳᠤᠭᠠᠨ ᠬᠢᠳᠡᠭ ᠠᠴᠠ ᠬᠦᠮᠦᠰ ᠳᠡᠬᠦᠨ ᠲᠠᠢ ᠤᠶᠢᠷᠠᠳᠤᠬᠤ ᠳᠤᠷ᠎ᠠ ᠦᠬᠡᠢ᠃ ᠴᠧᠨ ᠡᠾᠧ ᠶᠠᠩ ᠭᠤᠨᠢᠵᠤ ᠭᠤᠳᠤᠷᠠᠬᠤ ᠳᠠᠭᠠᠨ ᠰᠤᠷᠭᠠᠭᠤᠯᠢ ᠳᠠᠭᠠᠨ ᠬᠡᠳᠥᠨ ᠡᠳᠥᠷ ᠤᠴᠢᠭᠰᠠᠨ ᠦᠬᠡᠢ᠃ ᠡᠥ ᠢᠤᠢ  ᠵᠧᠨ ᠪᠠᠭᠰᠢ ᠳᠡᠬᠦᠨ ᠤ ᠪᠠᠶᠢᠳᠠᠯ ᠢ ᠮᠡᠳᠡᠭᠰᠡᠨ ᠤ ᠲᠠᠷᠠᠭ᠎ᠠ ᠲᠦᠷᠥᠯ ᠰᠠᠳᠥᠨ ᠤ ᠳᠤᠨᠢ ᠬᠦᠷᠴᠤ ᠪᠠᠶᠢᠳᠠᠯ ᠢ ᠨᠢ ᠤᠶᠢᠯᠠᠭᠠᠵᠤ᠂ ᠳᠡᠬᠦᠨ ᠢ ᠤᠯᠠᠨ ᠤᠳᠠᠭ᠎ᠠ ᠢᠳᠬᠠᠵᠤ ᠰᠤᠷᠭᠠᠨ ᠬᠠᠯᠠᠮᠵᠢᠯᠠᠵᠦ ᠬᠠᠷᠠᠭᠠᠯᠵᠠᠨ ᠦᠵᠡᠯ ᠰᠠᠨᠠᠭᠠᠨ ᠤ ᠬᠦᠮᠥᠵᠢᠯ ᠬᠢᠵᠦ ᠰᠤᠷᠭᠠᠭᠤᠯᠢ ᠳᠠᠭᠠᠨ ᠲᠤᠰᠴᠤ ᠠᠪᠠᠴᠢᠬᠰᠠᠨ ᠪᠠᠶᠢᠨ᠎ᠠ᠃ ᠪᠠᠭᠰᠢ ᠶᠢᠨ ᠢᠶᠠᠨ ᠬᠠᠯᠠᠮᠵᠢᠯᠠᠯ ᠳᠤᠤᠷ᠎ᠠ ᠰᠤᠷᠤᠭᠴᠢ ᠴᠧᠨ ᠡᠾᠧ ᠶᠠᠩ ᠦᠪᠠᠷ ᠤᠨ ᠪᠤᠷᠤᠭᠤ ᠪᠠᠨ ᠮᠡᠳᠡᠷᠡᠵᠤ᠂ ᠰᠤᠷᠤᠯᠭ᠎ᠠ ᠳᠤ ᠪᠠᠨ ᠰᠢᠮᠳᠠᠬᠤ ᠪᠤᠯᠤᠭᠰᠠᠨ ᠪᠦᠭᠡᠳ ᠬᠠᠮᠳᠥ ᠰᠤᠷᠤᠯᠭᠠᠳᠠᠨ ᠲᠠᠢ ᠪᠠᠨ ᠴᠤ ᠨᠠᠭᠠᠳᠴᠤ ᠲᠤᠬᠯᠠᠨ᠂ ᠰᠡᠳᠬᠢᠯ ᠤᠨ ᠦᠭᠡ ᠪᠠᠨ ᠡᠥ ᠢᠤᠢ ᠵᠧᠨ ᠪᠠᠭᠰᠢ ᠳᠠᠭᠠᠨ ᠨᠢᠭᠤᠯ ᠦᠬᠡᠢ ᠬᠡᠯᠡᠬᠦ ᠪᠤᠯᠪᠠ᠃    ︽ᠠᠵᠢᠯ ᠤᠨ ᠭᠠᠷᠤᠭ᠎ᠠ ᠠᠪᠤᠭᠰᠠᠨ ᠡᠳᠡᠭᠡᠷ ᠵᠢᠯ ᠳᠤ ᠪᠢ ᠮᠠᠰᠢ ᠤᠯᠠᠨ ᠰᠤᠷᠤᠯᠴᠠᠯᠭ᠎ᠠ ᠪᠤᠯᠪᠠᠰᠤᠷᠠᠯ ᠳᠤ ᠤᠷᠤᠯᠴᠠᠵᠤ᠂ ᠦᠪᠠᠷ ᠢ ᠪᠠᠨ ᠳᠡᠬᠦᠯᠳᠡᠷᠵᠢᠬᠦᠯᠪᠡ᠂ ᠨᠡᠩ ᠴᠤ ᠭᠠᠳᠠᠨ᠎ᠠ ᠭᠠᠵᠠᠷ ᠢᠶᠠᠷ ᠤᠯᠠᠨ ᠤᠳᠠᠭ᠎ᠠ ᠰᠤᠷᠤᠯᠴᠠᠭᠠᠳ ᠪᠤᠰᠤᠳ ᠰᠤᠷᠭᠠᠭᠤᠯᠢ ᠶᠢᠨ ᠳᠡᠷᠢᠬᠦᠨ ᠤ ᠵᠢᠭᠠᠨ ᠰᠤᠷᠭᠠᠯᠳᠠ ᠶᠢᠨ ᠠᠷᠭ᠎ᠠ ᠮᠠᠶ᠋ᠢᠭ ᠪᠠ ᠰᠢᠯᠢᠳᠡᠭ ᠪᠠᠭᠰᠢ ᠨᠠᠷ ᠤᠨ ᠳᠠᠶᠢᠯᠥᠮᠵᠢ ᠶᠢ ᠰᠤᠨᠤᠰᠤᠭᠠᠳ ᠮᠠᠰᠢ ᠤᠯᠠᠨ ᠳᠤᠷᠰᠢᠯᠭ᠎ᠠ ᠬᠤᠷᠠᠮᠳᠤᠭᠤᠯᠵᠠᠢ᠃ ᠡ᠊ᠨᠡ ᠨᠢ ᠨᠠᠳᠠᠳᠤ ᠵᠤᠷᠢᠬᠵᠢᠭᠤᠯᠤᠯ ᠪᠤᠯᠵᠤ᠂ ᠦᠪᠠᠷ ᠢ ᠪᠠᠨ ᠰᠠᠶᠢᠵᠢᠷᠠᠭᠤᠯᠬᠤ ᠢᠳᠡᠭᠡᠯ ᠵᠤᠷᠢᠭ ᠢ ᠬᠦᠪᠴᠢᠯᠡᠪᠡ᠃ ᠨᠡᠩ ᠴᠤ ᠨᠢᠭᠡᠨ ᠠᠩᠬᠢ ᠶᠢᠨ ᠡᠷᠬᠢᠯᠡᠭᠴᠢ ᠪᠤᠯᠤᠭᠰᠠᠨ ᠪᠢ ᠰᠤᠷᠤᠭᠴᠢᠳ ᠢᠶᠠᠨ ᠠᠳᠠᠯᠢ ᠳᠡᠭᠰᠢ ᠪᠠᠷ ᠬᠠᠯᠠᠮᠵᠢᠯᠠᠨ ᠬᠠᠶᠢᠷᠠᠯᠠᠵᠤ᠂ ᠲᠡᠳᠡᠨ ᠢ ᠪᠠᠶᠠᠷ ᠬᠦᠷ ᠲᠠᠢ ᠦᠰᠭᠡᠨ ᠪᠤᠶᠢᠵᠢᠭᠤᠯᠬᠤ ᠪᠠᠷ ᠴᠢᠷᠮᠠᠶᠢᠨ ᠠᠵᠢᠯᠯᠠᠨ᠎ᠠ︾ ᠭᠡᠵᠤ ᠡᠥ ᠢᠤᠢ ᠵᠧᠨ ᠪᠠᠭᠰᠢ ᠬᠡᠯᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号