︽  ᠤᠮᠠᠷᠠᠳᠤ ᠬᠢᠯᠢ ᠶᠢᠨ ᠰᠤᠶᠤᠯ ︾  — ᠬᠢᠨᠭ᠍ᠭᠠᠨ ᠠᠶᠢᠮᠠᠬ ᠤᠨ ᠲᠦᠷᠪᠡᠳᠦᠭᠡᠷ ᠬᠤᠭᠤᠴᠠᠭᠠᠨ ᠤ ᠰᠦᠯᠵᠢᠶᠠᠨ ᠤᠷᠠᠨ ᠵᠤᠬᠢᠶᠠᠯ ᠤᠨ ᠨᠠᠭᠠᠳᠦᠮ ᠠᠮᠵᠢᠯᠲᠠᠲᠠᠢ ᠦᠨᠳᠦᠷᠯᠡᠪᠠ
ᠨᠡᠶᠢᠲᠡᠯᠡᠭᠰᠡᠨ ᠴᠠᠭ᠄
2024/9/20
    ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠦᠨ ᠰᠤᠷᠳᠠᠯᠴᠢᠯᠡᠵᠦ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠠᠶᠠᠷᠯᠡᠨ ᠪᠡᠯᠭᠡᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠵᠤ᠂ ᠪᠦᠬᠦ ᠠᠶᠢᠮᠠᠬ ᠤᠨ ᠰᠤᠶᠤᠯ ᠵᠢᠭᠤᠯᠴᠢᠯᠠᠯ ᠤᠨ ᠦᠢᠯᠡᠰ ᠢ ᠠᠬᠢᠭᠤᠯᠬᠤ ᠡᠭᠦᠳᠡᠨ ᠠᠴᠠ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠥᠪ᠂ ᠬᠢᠩᠭᠠᠨ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠢᠩᠭᠠᠨ ᠠᠶᠢᠮᠠᠭ ᠤᠨ ᠵᠣᠬᠢᠶᠠᠯᠴᠢᠳ ᠤᠨ ᠡᠪᠯᠡᠯ ᠠᠴᠠ ᠬᠠᠮᠲᠤᠷᠠᠨ ᠡᠷᠬᠢᠯᠡᠭᠰᠡᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠮᠠᠬᠳᠠᠨ ᠳᠠᠭᠤᠯᠠᠵᠦ ᠠᠮᠢ ᠠᠬᠤᠢ ᠶᠢᠨ ᠪᠣᠯᠪᠠᠰᠤᠨ ᠢ ᠪᠦᠲᠦᠭᠡᠨ ᠪᠠᠶᠢᠭᠤᠯᠬᠤ︾ ᠭᠤᠣᠯ ᠰᠡᠳᠦᠪᠲᠦ ᠬᠢᠩᠭᠠᠨ ᠠᠶᠢᠮᠠᠭ ᠤᠨ ᠳᠥᠷᠪᠡᠳᠦᠭᠡᠷ ᠬᠤᠭᠤᠴᠠᠭᠠᠨ ᠤ ᠰᠦᠯᠵᠢᠶᠡᠨ ᠤᠷᠠᠨ ᠵᠣᠬᠢᠶᠠᠯ ᠤᠨ ᠨᠠᠭᠠᠳᠤᠮ ᠦᠨᠳᠦᠷᠯᠡᠵᠤ᠂ ᠨᠠᠭᠠᠳᠤᠮ ᠤᠨ ᠱᠠᠩᠨᠠᠯ ᠤᠯᠭᠤᠬᠤ ᠶᠤᠰᠤᠯᠠᠯ 9 ᠰᠠᠷ᠎ᠠ ᠶᠢᠨ 14 ᠤ ᠡᠳᠦᠷ ᠬᠢᠨᠭ᠍ᠭᠠᠨ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠳᠤ ᠲᠡᠭᠦᠰ ᠠᠮᠵᠢᠯᠲᠠᠲᠠᠶ ᠶᠠᠪᠤᠭᠳᠠᠪᠠ᠃    ᠱᠠᠩᠨᠠᠯ ᠤᠯᠭᠤᠬᠤ ᠶᠤᠰᠤᠯᠠᠯ ᠦᠳᠡ ᠶᠢᠨ ᠡᠮᠤᠨᠡᠬᠢ 9 ᠴᠠᠬ ᠲᠤ ᠪᠤᠯᠵᠤᠭ᠎ᠠ ᠶᠤᠰᠤᠭᠠᠷ ᠶᠠᠪᠤᠬᠳᠠᠵᠦ᠂ ᠬᠢᠩᠭᠠᠨ ᠠᠶᠢᠮᠠᠬ ᠤᠨ ᠲᠦᠷᠪᠡᠳᠦᠭᠡᠷ ᠬᠤᠭᠤᠴᠠᠭᠠᠨ ᠤ ᠰᠦᠯᠵᠢᠶᠡᠨ ᠤᠷᠠᠨ ᠵᠤᠬᠢᠶᠠᠯ ᠤᠨ ᠨᠠᠭᠠᠳᠤᠮ ᠢ ᠬᠠᠮᠳᠤᠷᠠᠨ ᠡᠷᠬᠢᠯᠡᠭᠰᠡᠨ ᠨᠢᠭᠡᠴᠢ ᠶᠢᠨ ᠤᠳᠤᠷᠢᠳᠤᠯᠭ᠎ᠠ᠂ ᠤᠷᠠᠨ ᠵᠤᠬᠢᠶᠠᠯ ᠤᠨ ᠬᠠᠨᠢᠳᠠᠳ᠂ ᠤᠷᠤᠯᠳᠤᠭᠠᠨ ᠳᠤ ᠱᠠᠩᠨᠠᠯ ᠬᠦᠷᠳᠡᠭᠰᠡᠨ ᠤᠷᠠᠨ ᠵᠤᠬᠢᠶᠠᠯᠴᠢᠳ 100 ᠭᠠᠷᠤᠢ ᠬᠦᠮᠦᠨ ᠤᠷᠤᠯᠴᠠᠪᠠ᠃ ᠶᠤᠰᠤᠯᠠᠯ ᠳᠤ᠂ ᠬᠢᠩᠭᠠᠨ ᠠᠶᠢᠮᠠᠭ ᠤᠨ ᠰᠦᠯᠵᠢᠶᠡᠨ ᠤᠷᠠᠨ ᠵᠣᠬᠢᠶᠠᠯ ᠤᠨ ᠨᠠᠭᠠᠳᠤᠮ ᠤᠨ ᠵᠣᠬᠢᠶᠠᠨ ᠪᠠᠶᠢᠭᠤᠯᠬᠤ ᠺᠤᠮᠢᠰ ᠠᠴᠠ ᠲᠤᠰ ᠤᠳᠠᠭᠠᠨ ᠤ ᠱᠠᠩᠨᠠᠯ ᠣᠯᠭᠤᠬᠤ ᠶᠣᠰᠣᠯᠠᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠤᠷᠠᠨ ᠪᠢᠴᠢᠯᠭᠡ ᠶᠢᠨ ᠪᠦᠲᠦᠭᠡᠯ ᠢ ᠪᠡᠯᠡᠭᠯᠡᠵᠦ᠂ ᠬᠢᠩᠭᠠᠨ ᠠᠶᠢᠮᠠᠭ ᠤᠨ ᠰᠦᠯᠵᠢᠶᠡᠨ ᠤᠷᠠᠨ ᠵᠣᠬᠢᠶᠠᠯ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠤᠯᠠᠭᠠᠨᠬᠤᠲᠠ ᠶᠢᠨ ᠰᠣᠶᠣᠯ ᠤᠨ ᠦᠪ ᠬᠦᠷᠦᠩᠭᠡ ᠶᠢᠨ ᠬᠠᠮᠠᠭᠠᠯᠠᠯᠲᠠ ᠶᠢᠨ ᠲᠥᠪ ᠪᠠ ᠵᠠᠯᠠᠶᠢᠳ ᠬᠤᠰᠢᠭᠤᠨ ᠤ ᠡᠭᠦᠯᠳᠡᠷ ᠤᠨ ᠮᠠᠯ ᠦᠷᠡᠵᠢᠭᠦᠯᠦᠨ ᠪᠤᠶᠢᠵᠢᠭᠤᠯᠬᠤ ᠲᠥᠪ᠂ ᠬᠢᠩᠭᠠᠨ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠲᠤ ᠢᠷᠠᠭᠤ ᠠᠯᠳᠠᠷ ᠤᠨ ᠦᠨᠡᠮᠯᠡᠯ ᠤᠯᠭᠤᠬᠤ ᠵᠡᠷᠭᠡ ᠡᠯᠪᠡᠭ ᠪᠠᠶᠠᠯᠢᠬ ᠠᠭᠤᠯᠭ᠎ᠠ ᠶᠢ ᠲᠤᠬᠢᠷᠠᠭᠤᠯᠵᠠᠢ᠃    ᠬᠢᠩᠭᠠᠨ ᠠᠶᠢᠮᠠᠬ ᠤᠨ ᠲᠦᠷᠪᠡᠳᠦᠭᠡᠷ ᠬᠤᠭᠤᠴᠠᠭᠠᠨ ᠤ ᠰᠦᠯᠵᠢᠶᠡᠨ ᠤᠷᠠᠨ ᠵᠤᠬᠢᠶᠠᠯ ᠤᠨ ᠨᠠᠭᠠᠳᠤᠮ 3 ᠰᠠᠷ᠎ᠠ ᠶᠢᠨ 15 ᠤ ᠡᠳᠦᠷ ᠠᠴᠠ 7 ᠰᠠᠷ᠎ᠠ ᠶᠢᠨ 15 ᠤ ᠡᠳᠦᠷ ᠪᠤᠯᠳᠠᠯ᠎ᠠ ᠲᠦᠷᠪᠡᠨ ᠰᠠᠷ᠎ᠠ ᠶᠢᠨ ᠬᠤᠭᠤᠴᠠᠭ᠎ᠠ ᠲᠠᠢ ᠶᠠᠪᠤᠬᠳᠠᠵᠤ᠂ ᠪᠦᠬᠦ ᠠᠶᠢᠮᠠᠬ ᠤᠨ ᠪᠤᠶᠤ ᠬᠢᠩᠭᠠᠨ ᠨᠤᠳᠤᠬᠳᠠᠢ ᠭᠠᠳᠠᠷ ᠭᠠᠵᠠᠷ ᠤᠷᠤᠨ ᠳᠤ ᠠᠵᠢᠯᠯᠠᠵᠤ ᠠᠮᠢᠳᠤᠷᠠᠵᠤ ᠪᠠᠶᠢᠬᠤ ᠤᠷᠠᠨ ᠵᠤᠬᠢᠶᠠᠯᠴᠢ ᠶᠢᠨ 32 ᠬᠤᠪᠢ ︽ᠠᠯᠳᠠᠨ ᠬᠢᠩᠭᠠᠨ︾ ᠬᠡᠬᠦ ᠢᠵᠢᠯ ᠭᠠᠷᠴᠠᠬᠲᠦ ᠰᠢᠯᠦᠭ ᠤᠨ ᠪᠦᠳᠦᠭᠡᠯ ᠢ ᠬᠤᠷᠢᠶᠠᠮᠵᠢᠯᠠᠨ ᠤᠯᠵᠤ᠂ ᠤᠷᠤᠨ ᠪᠠ ᠠᠶᠢᠮᠠᠬ ᠤᠨ ᠨᠡᠷᠡᠳᠦ ᠵᠤᠬᠢᠶᠠᠯᠴᠢ᠂ ᠤᠷᠠᠨ ᠵᠤᠬᠢᠶᠠᠯ ᠤᠨ ᠨᠠᠶᠢᠷᠠᠭᠤᠯᠤᠬᠴᠢ᠂ ᠤᠷᠠᠨ ᠵᠤᠬᠢᠶᠠᠯ ᠤᠨ ᠰᠢᠬᠦᠮᠵᠢᠯᠡᠭᠴᠢ ᠪᠠᠷ ᠪᠦᠷᠢᠯᠳᠦᠭᠰᠡᠨ ᠬᠢᠨᠠᠬᠴᠢ ᠶᠢᠨ ᠲᠤᠭᠤᠶᠢᠯᠠᠩ ᠤᠨ ᠬᠠᠳᠠᠭᠤ ᠴᠢᠩᠭ᠎ᠠ᠂ ᠲᠦᠪ ᠭᠤᠤᠯᠴᠢ᠂ ᠨᠠᠷᠢᠨ ᠬᠢᠨᠠᠮᠠᠭᠠᠢ ᠬᠢᠨᠠᠨ ᠰᠢᠯᠭᠠᠷᠠᠭᠤᠯᠤᠯᠳᠠ ︵ᠤᠷᠠᠨ ᠵᠤᠬᠢᠶᠠᠯᠴᠢᠳ ᠤᠨ ᠨᠡᠷ᠎ᠡ ᠬᠠᠶ᠋ᠢᠬ ᠢ ᠨᠢᠭᠤᠵᠤ ᠰᠢᠯᠭᠠᠷᠠᠭᠤᠯᠪᠠ︶ ᠪᠠᠷ ᠲᠤᠤᠷᠠᠬᠢ ᠤᠷᠠᠨ ᠵᠤᠬᠢᠶᠠᠯᠴᠢᠳ ᠤᠨ ᠪᠦᠳᠦᠭᠡᠯ ᠱᠠᠩᠨᠠᠯ ᠳᠤ ᠲᠤᠳᠤᠷᠠᠪᠠ᠃    ᠵᠤᠬᠢᠶᠠᠯᠴᠢ ᠮᠠᠨᠳᠤᠬᠤ ᠶᠢᠨ ᠪᠦᠳᠦᠭᠡᠯ ᠤᠷᠤᠯᠳᠤᠭᠠᠨ ᠤ ᠲᠡᠷᠢᠬᠦᠨ ᠲᠡᠰ ᠤᠨ ᠱᠠᠩᠨᠠᠯ ᠢᠶᠠᠷ ᠮᠢᠯᠢᠶᠠᠯᠭᠠᠵᠤ᠂ ᠬᠦᠢᠳᠡᠨᠪᠤᠯᠠᠬ᠂ ᠴᠢ᠊ · ᠲᠤᠯᠬᠢᠶᠠᠨ᠂ ᠰ᠊ · ᠭᠠᠯᠰᠠᠩ ᠤᠨ ᠪᠦᠲᠦᠭᠡᠯ ᠬᠤᠶᠠᠳᠤᠭᠠᠷ ᠲᠡᠰ ᠤᠨ ᠱᠠᠩᠨᠠᠯ ᠭᠠᠷᠳᠠᠵᠤ᠂ ᠮᠠ᠊ ᠡᠷᠳᠡᠨᠢᠪᠡᠲᠦ᠂ ᠯ᠊ · ᠠᠮᠵᠢᠯᠲᠠ᠂ ᠪᠤᠷᠵᠢᠬᠢᠨ ᠨᠠᠷᠠᠨᠴᠤᠬᠲᠦ᠂ ᠯ᠊ · ᠰᠤᠨᠢᠨ᠂ ᠲᠠᠯᠢᠨᠳᠤᠶᠠᠭ᠎ᠠ᠂ ᠪᠤᠷᠵᠢᠬᠢᠨ ᠴᠠᠮᠪᠢ ᠵᠡᠷᠭᠡ ᠵᠤᠬᠢᠶᠠᠯᠴᠢ ᠶᠢᠨ ᠪᠦᠳᠦᠭᠡᠯ ᠭᠤᠷᠪᠠᠳᠤᠭᠠᠷ ᠲᠡᠰ ᠤᠨ ᠱᠠᠩᠨᠠᠯ ᠳᠤ ᠲᠤᠳᠤᠷᠠᠵᠤ᠂ ᠪᠤᠷᠵᠢᠬᠢᠨ ᠰᠦᠶ᠎ᠡ᠂ ᠬᠠᠨᠲᠠ᠂ ᠪᠤᠷᠵᠢᠬᠢᠨ ᠪᠠᠶᠠᠨᠳᠦ᠋ᠭᠦᠷᠡᠩ᠂ ᠪᠤᠷᠵᠢᠬᠢᠨ ᠪᠦᠷᠢᠨᠪᠠᠶᠠᠷ᠂ ᠢ᠊ ᠪᠠᠶᠠᠷ᠂ ᠬᠠᠰᠦᠨ᠂ ᠳᠠᠪᠬᠤᠷᠪᠠᠶᠠᠷ᠂ ᠲᠤᠶᠠᠭᠠᠷᠠᠯ᠂ ᠪᠦᠷᠢᠨᠵᠢᠷᠭᠠᠯ᠂ ᠸᠠᠩ ᠰᠢᠦ ᠯᠢᠶᠠᠨ ᠵᠡᠷᠭᠡ ᠵᠤᠬᠢᠶᠠᠯᠴᠢ ᠶᠢᠨ ᠪᠦᠳᠦᠭᠡᠯ ᠰᠢᠯᠢᠳᠡᠭ ᠪᠠᠶᠢᠷᠢᠨ ᠳᠤ ᠰᠠᠭᠠᠳᠠᠪᠠ᠃ ᠪᠤᠤ ᠵᠢᠨᠵᠤᠸᠠᠩᠽᠢ᠂ ᠴᠢ᠊ · ᠵᠠᠮᠰᠦ᠂ ᠴᠦᠨ ᠯᠢᠩ ᠤᠨ ᠪᠦᠳᠦᠭᠡᠯ ︽ᠠᠯᠠᠭᠠᠨ ᠲᠡᠭᠡᠷᠡᠬᠢ ᠬᠢᠩᠭᠠᠨ ᠠᠶᠢᠮᠠᠬ︾ ᠸᠢᠴᠠᠲ ᠲᠠᠪᠴᠠᠩ ᠤᠨ ᠰᠦᠯᠵᠢᠶᠡᠨ ᠠᠨᠳᠠ ᠨᠠᠷ ᠤᠨ ᠲᠠᠷᠤᠮ ᠤᠨ ᠲᠤᠭ᠎ᠠ ᠪᠠᠷ ᠬᠠᠮᠤᠬ ᠦᠨᠳᠦᠷ ᠪᠦᠳᠦᠭᠡᠯ ᠪᠤᠯᠵᠤ᠂ ᠲᠤᠰ ᠤᠳᠠᠭᠠᠨ ᠤ ᠤᠷᠠᠨ ᠵᠤᠬᠢᠶᠠᠯ ᠤᠨ ᠨᠠᠭᠠᠳᠤᠮ ᠤᠨ ︽ᠠᠵᠠ ᠶᠢᠨ ᠤᠳᠤᠨ︾ ᠢᠶᠠᠷ ᠲᠤᠳᠤᠷᠠᠪᠠ᠃ ᠳᠡᠭᠵᠢᠷᠡᠭᠦᠦ᠂ ᠪᠠᠢ ᠮᠦᠷᠡᠨ᠂ ᠲᠡᠨᠢᠭᠡᠷ ᠰᠢᠯᠢᠳᠡᠭ ᠤᠶᠠᠩᠭᠠᠯᠠᠬᠴᠢ ᠪᠠᠷ ᠳᠤᠳᠤᠷᠠᠬᠰᠠᠨ ᠪᠠᠶᠢᠨ᠎ᠠ᠃    ᠶᠤᠰᠤᠯᠠᠯ ᠤᠨ ᠬᠠᠮᠤᠬ ᠰᠡᠬᠦᠯ ᠳᠤ ᠬᠢᠩᠭᠠᠨ ᠠᠶᠢᠮᠠᠭ ᠤᠨ ᠵᠣᠬᠢᠶᠠᠯᠴᠢᠳ ᠤᠨ ᠡᠪᠯᠡᠯ ᠤᠨ ᠲᠡᠷᠢᠭᠦᠯᠡᠭᠴᠢ᠂ ᠬᠢᠩᠭᠠᠨ ᠠᠶᠢᠮᠠᠭ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠨ ᠤ ᠲᠡᠷᠢᠭᠦᠯᠡᠭᠴᠢ ᠠ᠊ · ᠰᠠᠶᠢᠨᠴᠣᠭᠲᠤ ᠲᠣᠰ ᠤᠳᠠᠭᠠᠨ ᠤ ᠰᠦᠯᠵᠢᠶᠠᠨ ᠤᠷᠠᠨ ᠵᠣᠬᠢᠶᠠᠯ ᠤᠨ ᠨᠠᠭᠠᠳᠤᠮ ᠳᠤ ᠣᠷᠣᠯᠴᠠᠭᠰᠠᠨ ᠪᠦᠲᠦᠭᠡᠯ ᠪᠠ ᠱᠠᠩᠨᠠᠯ ᠭᠥᠷᠳᠡᠭᠰᠡᠨ ᠪᠦᠲᠦᠭᠡᠯ ᠳᠤ ᠳ᠋ᠦᠩᠨᠡᠯᠲᠡ ᠬᠢᠵᠦ᠂ ᠤᠷᠠᠨ ᠵᠤᠬᠢᠶᠠᠯ ᠤᠨ ᠨᠠᠭᠠᠳᠦᠮ ᠤᠨ ᠬᠦᠭᠵᠢᠯᠲᠠ ᠬᠤᠪᠢᠷᠠᠯᠲᠠ ᠶᠢᠨ ᠲᠤᠬᠠᠢ ᠪᠤᠳᠤᠯ ᠰᠠᠨᠠᠯ ᠢᠶᠠᠨ ᠶᠠᠷᠢᠵᠤ᠂ ᠰᠦᠯᠵᠢᠶᠡᠨ ᠤᠷᠠᠨ ᠵᠤᠬᠢᠶᠠᠯ ᠤᠨ ᠨᠠᠭᠠᠳᠦᠮ ᠤᠨ ᠬᠤᠵᠢᠮ ᠬᠤᠶᠢᠰᠢᠲᠠ ᠨᠡᠩ ᠦᠨᠳᠦᠷ ᠠᠮᠵᠢᠯᠲᠠ ᠤᠯᠬᠤ ᠶᠢ ᠵᠦᠡᠭᠨᠡᠭᠰᠡᠨ ᠪᠠᠶᠢᠨ᠎ᠠ᠃    ᠬᠢᠩᠭᠠᠨ ᠠᠶᠢᠮᠠᠬ ᠤᠨ ᠰᠦᠯᠵᠢᠶᠡᠨ ᠤᠷᠠᠨ ᠵᠤᠬᠢᠶᠠᠯ ᠤᠨ ᠨᠠᠭᠠᠳᠤᠮ ᠨᠠᠮ ᠵᠠᠰᠠᠬ ᠤᠨ ᠬᠠᠶᠢᠷ᠎ᠠ ᠬᠠᠯᠠᠮᠵᠢᠯᠠᠯ ᠪᠠ ᠤᠷᠠᠨ ᠵᠤᠬᠢᠶᠠᠯ ᠳᠠᠭᠠᠨ ᠬᠠᠶᠢᠷᠠᠳᠠᠢ ᠬᠦᠮᠦᠰ ᠤᠨ ᠲᠤᠰᠠ ᠲᠡᠮᠵᠢᠯᠭᠡ ᠲᠤᠤᠷ᠎ᠠ ᠨᠢᠬᠡᠨᠳᠡ ᠢᠷᠠᠭᠤ ᠨᠠᠶᠢᠷᠠᠬ᠂ ᠨᠠᠶᠢᠷᠠᠭᠤᠯᠤᠯ᠂ ᠦᠬᠦᠯᠡᠯᠭᠡ᠂ ᠢᠵᠢᠯ ᠭᠠᠷᠴᠠᠬᠳᠤ ᠰᠢᠯᠦᠭ ᠵᠡᠷᠭᠡ ᠲᠦᠷᠪᠡᠨ ᠬᠡᠯᠪᠡᠷᠢ ᠪᠠᠷ ᠳᠦᠷᠪᠡᠨ ᠬᠤᠭᠤᠴᠠᠭ᠎ᠠ ᠶᠠᠪᠤᠬᠳᠠᠬᠰᠠᠨ ᠶᠤᠮ᠃ ᠰᠦᠯᠵᠢᠶᠡᠨ ᠤᠷᠠᠨ ᠵᠤᠬᠢᠶᠠᠯ ᠤᠨ ᠨᠠᠭᠠᠳᠤᠮ ᠬᠢᠨᠭ᠍ᠭᠠᠨ ᠠᠶᠢᠮᠠᠬ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠭ ᠠᠶᠠᠰ ᠢ ᠢᠳᠡᠪᠬᠢᠳᠡᠢ ᠴᠢᠪᠠᠭᠳᠠᠵᠤ᠂ ᠪᠦᠬᠦ ᠠᠶᠢᠮᠠᠬ ᠤᠨ ᠰᠤᠶᠤᠯ ᠵᠢᠭᠤᠯᠴᠢᠯᠠᠯ ᠤᠨ ᠦᠢᠯᠡᠰ᠂ ᠤᠳᠬ᠎ᠠ ᠤᠷᠠᠯᠢᠬ ᠤᠨ ᠦᠢᠯᠡᠰ ᠢ ᠬᠦᠭᠵᠢᠬᠦᠯᠭᠦ ᠳᠤ ᠬᠦᠨ ᠬᠦᠨᠵᠡᠬᠡᠢ ᠦᠢᠯᠡᠳᠦᠯ ᠦᠵᠡᠬᠦᠯᠵᠦ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号