ᠪᠣᠣ ᠹᠧᠩ ᠶᠢᠩ ᠤᠨ ᠪᠠᠶᠠᠵᠢᠯ ᠤᠨ ᠵᠠᠮ
ᠨᠡᠶᠢᠲᠡᠯᠡᠭᠰᠡᠨ ᠴᠠᠭ᠄
2024/9/23
      ᠤᠶᠢᠷ᠎ᠠ ᠳᠤ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠬᠥᠢᠯᠡᠷ ᠪᠠᠯᠭᠠᠰᠥᠨ ᠤ ᠮᠠᠨᠳᠤᠬᠤ ᠭᠠᠴᠠᠭᠠᠨ ᠳᠤ ᠰᠤᠷᠪᠤᠯᠵᠢᠯᠠᠬᠤ ᠪᠠᠷ ᠬᠦᠷᠬᠦ ᠳᠤ᠂ ᠪᠠᠶᠠᠵᠢᠯ ᠤᠨ ᠳᠠᠭᠠᠭᠤᠯᠤᠭᠴᠢ ᠪᠤᠤ ᠹᠧᠩ ᠵᠢᠩ ᠰᠢᠭᠤᠳ ᠨᠡᠪᠳᠡᠷᠡᠬᠦᠯᠭᠡ ᠪᠠᠷ ᠤᠰᠥᠨ ᠳᠤᠳᠤᠷᠭ᠎ᠠ ᠪᠠᠨ ᠲᠠᠨᠢᠯᠴᠠᠭᠤᠯᠤᠭᠠᠳ ᠶᠠᠪ ᠶᠠᠭᠠᠷᠠᠥ ᠪᠠᠶᠢᠯ᠎ᠠ᠃     ᠪᠤᠤ ᠹᠧᠩ ᠶᠢᠩ ᠪᠤᠯ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠬᠥᠢᠯᠡᠷ ᠪᠠᠯᠭᠠᠰᠥᠨ ᠤ ᠮᠠᠨᠳᠤᠬᠤ ᠭᠠᠴᠠᠭᠠᠨ ᠤ ᠳᠠᠷᠢᠶᠠᠴᠢᠨ ᠪᠦᠰᠡᠬᠦᠢ᠂ ᠠᠶᠢᠮᠠᠭ ᠤᠨ ᠳᠡᠰ ᠤᠨ ︽ᠰᠢᠶᠥᠥ ᠵᠢᠩ︾ ᠮᠠᠶ᠋ᠢᠭ ᠤᠨ ᠠᠵᠤ ᠥᠢᠯᠡᠰ ᠤᠨ ᠳᠠᠭᠠᠭᠤᠯᠤᠭᠴᠢ᠂ ᠬᠤᠳᠠᠯᠠ ᠤᠯᠠᠨ ᠢᠶᠠᠨ ᠳᠠᠶᠢᠴᠢᠯᠠᠨ ᠪᠠᠶᠠᠵᠢᠯ ᠤᠨ ᠵᠠᠮ ᠢᠶᠠᠷ ᠳᠠᠭᠠᠭᠤᠯᠤᠭᠰᠠᠨ ᠡᠮᠡᠭᠳᠡᠢ ᠴᠢᠳᠠᠪᠤᠷᠢᠳᠠᠨ ᠪᠢᠯᠡ᠃     ᠪᠤᠤ ᠹᠧᠩ ᠶᠢᠩ ᠤᠨ ᠡᠷᠡᠭᠳᠡᠢ ᠨᠦᠬᠦᠷ ᠨᠢ ᠰᠤᠯᠤᠩᠭᠤᠰ ᠦᠨᠳᠥᠰᠥᠳᠡᠨ᠂ ᠬᠡᠳᠥᠨ ᠦᠶ᠎ᠡ ᠪᠠᠷ ᠢᠶᠠᠨ ᠤᠰᠥᠨ ᠳᠤᠳᠤᠷᠭ᠎ᠠ ᠳᠠᠷᠢᠭᠠᠳ ᠠᠮᠢᠳᠤᠷᠠᠯ ᠢᠶᠠᠨ ᠦᠭᠡᠳᠡ ᠳᠠᠳᠠᠵᠤ ᠪᠠᠶᠢᠳᠠᠭ᠃ ᠪᠤᠤ ᠹᠧᠩ ᠶᠢᠩ ᠬᠤᠷᠢᠮᠯᠠᠭᠰᠠᠨ ᠤ ᠰᠡᠬᠦᠯᠡᠷ ᠡᠷᠡᠭᠳᠡᠢ ᠨᠦᠬᠦᠷ ᠢᠶᠠᠨ ᠳᠠᠭᠠᠵᠤ ᠤᠰᠥᠨ ᠳᠤᠳᠤᠷᠭ᠎ᠠ ᠳᠠᠷᠢᠬᠤ ᠠᠵᠤ ᠥᠢᠯᠡᠰ ᠡᠷᠬᠢᠯᠡᠪᠡ᠃ ᠳᠡᠷᠡ ᠦᠪᠡᠰᠥᠪᠡᠨ ︽ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠶᠢᠨ ᠭᠠᠩ ᠳᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ︾ ᠢ ᠪᠠᠶᠢᠭᠤᠯᠥᠨ᠂ ᠭᠤᠤᠯᠳᠠᠭᠤ ᠤᠰᠥᠨ ᠳᠤᠳᠤᠷᠭ᠎ᠠ ᠳᠠᠷᠢᠬᠤ᠂ ᠡᠳ᠋ᠰᠢᠬᠦᠯᠥᠨ ᠪᠤᠷᠤᠯᠠᠭᠤᠯᠬᠤ ᠵᠡᠷᠭᠡ ᠶᠢ ᠨᠢᠭᠡ ᠴᠤᠭᠴᠠᠵᠢᠭᠤᠯᠥᠨ ᠡᠵᠡᠩᠨᠡᠵᠡᠢ᠃ ᠲᠤᠰᠬᠠᠢ ᠬᠤᠷᠰᠢᠶᠠᠵᠢᠯ ᠢᠶᠠᠨ ᠠᠩᠬ᠎ᠠ ᠪᠠᠶᠢᠭᠤᠯᠬᠤ ᠦᠶ᠎ᠡ ᠳᠤ ᠦᠪᠠᠷ ᠤᠨ ᠭᠡᠷ ᠤᠨ ᠢᠶᠠᠨ 40 ᠭᠠᠷᠤᠢ ᠮᠤ᠋ ᠳᠠᠷᠢᠶᠠᠨ ᠭᠠᠵᠠᠷ ᠲᠠᠭᠠᠨ ᠰᠢᠨ᠎ᠡ ᠲᠦᠷᠥᠯ ᠵᠥᠢᠯ ᠤᠨ ᠤᠰᠥᠨ ᠳᠤᠳᠤᠷᠭ᠎ᠠ ᠳᠠᠷᠢᠵᠤ ᠳᠤᠷᠰᠢᠵᠤ ᠦᠵᠡᠵᠡᠢ᠃ ᠤᠯᠠᠨ ᠤᠳᠠᠭ᠎ᠠ ᠳᠤᠷᠰᠢᠯᠳᠠ ᠬᠢᠬᠦ ᠪᠠᠷ ᠳᠠᠮᠵᠢᠨ᠂ ᠡᠴᠥᠰ ᠲᠤᠨᠢ ᠲᠤᠰ ᠭᠠᠵᠠᠷ ᠤᠨ ᠠᠭᠤᠷ ᠠᠮᠢᠰᠬᠤᠯ ᠪᠠ ᠭᠠᠵᠠᠷ ᠰᠢᠷᠥᠢ ᠶᠢᠨ ᠤᠨᠴᠠᠯᠢᠭ ᠲᠤ ᠳᠤᠬᠢᠷᠠᠬᠤ ᠰᠢᠯᠢᠳᠡᠭ ᠲᠦᠷᠥᠯ ᠢ ᠰᠤᠩᠭᠤᠨ ᠠᠪᠴᠤ᠂ ᠤᠶᠢᠷ᠎ᠠ ᠬᠠᠪᠢ ᠶᠢᠨ ᠲᠦᠷᠥᠯ ᠰᠠᠳᠥᠨ ᠢᠶᠠᠨ ᠳᠠᠶᠢᠴᠢᠯᠠᠨ ᠬᠠᠮᠳᠥ ᠪᠠᠷ ᠤᠰᠥᠨ ᠳᠤᠳᠤᠷᠭ᠎ᠠ ᠳᠠᠷᠢᠬᠤ ᠠᠵᠤ ᠥᠢᠯᠡᠰ ᠢ ᠬᠦᠭᠵᠢᠬᠦᠯᠥᠭᠰᠡᠨ ᠪᠠᠶᠢᠨ᠎ᠠ᠃     ᠪᠤᠤ ᠹᠧᠩ ᠶᠢᠩ ᠡ᠊ᠨᠡ ᠵᠢᠯ ᠲᠤᠰᠬᠠᠢ ᠬᠤᠷᠰᠢᠶᠠᠵᠢᠯ ᠳᠠᠭᠠᠨ 1000 ᠮᠤ᠋ ᠤᠰᠥᠨ ᠳᠤᠳᠤᠷᠭ᠎ᠠ ᠳᠠᠷᠢᠪᠠ᠃ ᠪᠠᠰᠠ ᠤᠶᠢᠷ᠎ᠠ ᠬᠠᠪᠢ ᠶᠢᠨ ᠮᠠᠨᠳᠤᠬᠤ᠂ ᠬᠦᠭᠵᠢᠯᠳᠤ᠂ ᠪᠠᠳᠠᠷᠠᠩᠭᠤᠢ ᠵᠡᠷᠭᠡ ᠬᠡᠳᠥᠨ ᠭᠠᠴᠠᠭᠠᠨ ᠤ ᠳᠠᠷᠢᠶᠠᠴᠢᠨ ᠢ ᠳᠠᠶᠢᠴᠢᠯᠠᠨ ᠵᠠᠬᠢᠶᠠᠯᠠᠭ᠎ᠠ ᠳᠤᠭᠳᠠᠬᠤ ᠬᠡᠯᠪᠡᠷᠢ ᠪᠠᠷ ᠬᠦᠷᠢᠶ᠎ᠡ ᠬᠠᠰᠢᠶᠠᠨ ᠳᠤᠨᠢ 350 ᠮᠤ᠋ ᠤᠰᠥᠨ ᠳᠤᠳᠤᠷᠭ᠎ᠠ ᠳᠠᠷᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠬᠦᠯᠵᠡᠢ᠃      ᠴᠧᠨ ᠴᠠᠩ ᠬᠠᠢ ᠪᠤᠯ ᠬᠦᠭᠵᠢᠯᠳᠥ ᠭᠠᠴᠠᠭᠠᠨ ᠤ ᠳᠠᠷᠢᠶᠠᠴᠢᠨ᠂ ᠤᠶᠢᠷ᠎ᠠ ᠶᠢᠨ ᠬᠡᠳᠥᠨ ᠵᠢᠯ ᠳᠤ ᠳᠡᠷᠡ ᠪᠤᠤ ᠹᠧᠩ ᠶᠢᠩ ᠢ ᠳᠠᠭᠠᠵᠤ ᠰᠢᠯᠢᠳᠡᠭ ᠲᠦᠷᠥᠯ ᠤᠨ ᠤᠰᠥᠨ ᠳᠤᠳᠤᠷᠭ᠎ᠠ ᠳᠠᠷᠢᠭᠠᠳ ᠤᠷᠤᠯᠭ᠎ᠠ ᠨᠢ ᠵᠢᠯ ᠠᠴᠠ ᠵᠢᠯ ᠨᠡᠮᠡᠭᠳᠡᠪᠡ᠃ ︽ᠮᠠᠨᠠᠶᠢᠬᠢᠨ ᠡ᠊ᠨᠡ ᠵᠢᠯ 200 ᠭᠠᠷᠤᠢ ᠮᠤ᠋ ᠤᠰᠥᠨ ᠳᠤᠳᠤᠷᠭ᠎ᠠ ᠳᠠᠷᠢᠪᠠ᠂ ᠡ᠊ᠨᠡ ᠬᠤᠶᠠᠷ ᠵᠢᠯ ᠪᠤᠤ ᠹᠧᠩ ᠶᠢᠩ ᠮᠠᠨ ᠤ ᠳᠠᠷᠢᠭᠰᠠᠨ ᠤᠰᠥᠨ ᠳᠤᠳᠤᠷᠭ᠎ᠠ ᠶᠢ ᠵᠠᠬ᠎ᠠ ᠳᠡᠯᠭᠡᠬᠦᠷ ᠤᠨ ᠦᠨ᠎ᠡ ᠠᠴᠠ 0.2 — 0.5 ᠲᠦᠬᠦᠷᠢᠭ ᠦᠨᠳᠥᠷ ᠢᠶᠠᠷ ᠬᠤᠷᠢᠶᠠᠨ ᠠᠪᠴᠤ ᠨᠢᠭᠡᠳᠥᠯᠳᠡᠢ ᠪᠤᠷᠤᠯᠠᠭᠤᠯᠵᠤ ᠪᠠᠶᠢᠨ᠎ᠠ᠃ ᠪᠤᠤ ᠹᠧᠩ ᠶᠢᠩ ᠤᠨ ᠳᠠᠶᠢᠴᠢᠯᠠᠭ᠎ᠠ ᠳᠤᠤᠷ᠎ᠠ ᠤᠳᠥ ᠮᠠᠨ ᠤ ᠭᠠᠴᠠᠭᠠᠨ ᠤ ᠤᠯᠠᠩᠬᠢ ᠡᠷᠥᠭᠡ ᠪᠦᠷ ᠤᠰᠥᠨ ᠳᠤᠳᠤᠷᠭ᠎ᠠ ᠳᠠᠷᠢᠵᠤ ᠤᠷᠤᠯᠭ᠎ᠠ ᠪᠠᠨ ᠨᠡᠮᠡᠭᠳᠡᠬᠦᠯᠵᠤ ᠪᠤᠢ︾ ᠭᠡᠵᠤ ᠳᠠᠷᠢᠶᠠᠴᠢᠨ ᠴᠧᠨ ᠴᠠᠩ ᠬᠠᠢ ᠬᠡᠯᠡᠪᠡ᠃     2022 ᠤᠨ ᠳᠤ ᠪᠤᠤ ᠹᠧᠩ ᠶᠢᠩ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠪᠤᠰᠤᠳ ᠲᠦᠷᠪᠡᠨ ︽ᠰᠢᠶᠥᠥ ᠵᠢᠩ︾ ᠮᠠᠶ᠋ᠢᠭ ᠤᠨ ᠠᠵᠤ ᠥᠢᠯᠡᠰ ᠤᠨ ᠳᠠᠭᠠᠭᠤᠯᠤᠭᠴᠢ ᠲᠠᠢ ᠬᠠᠮᠳᠤᠷᠠᠨ ᠡᠮᠥᠨᠡᠳᠥ ᠬᠤᠰᠢᠭᠤᠨ ᠤ ᠬᠤᠷᠴᠢᠨ ᠪᠠᠯᠭᠠᠰᠥᠨ ᠳᠤ ︽ᠯᠢᠶᠠᠩ ᠱᠠᠨ ᠳᠠᠷᠢᠶᠠᠯᠠᠩ ᠤᠨ ᠳᠤᠰᠠᠯᠠᠬᠤ ᠥᠢᠯᠡᠳᠬᠦᠨ ᠤ ᠳᠡᠯᠭᠡᠬᠦᠷ︾ ᠢ ᠡᠷᠬᠢᠯᠡᠵᠤ᠂ ᠳᠠᠷᠢᠶᠠᠴᠢᠳ ᠤᠨ ᠳᠠᠷᠢᠭᠰᠠᠨ ᠨᠤᠭᠤᠭ᠎ᠠ ᠵᠢᠮᠢᠰ᠂ ᠨᠠᠷᠢᠮᠥ᠂ ᠤᠰᠥᠨ ᠳᠤᠳᠤᠷᠭ᠎ᠠ ᠵᠡᠷᠭᠡ ᠶᠢ ᠬᠠᠪᠰᠥᠷᠥᠨ ᠪᠤᠷᠤᠯᠠᠭᠤᠯᠵᠤ ᠪᠤᠢ᠃ ︽ᠮᠠᠨ ᠤ ᠳᠡᠯᠭᠡᠬᠦᠷ ᠲᠤ ᠤᠳᠥ 30 ᠭᠠᠷᠤᠢ ᠵᠥᠢᠯ ᠤᠨ ᠳᠠᠷᠢᠶᠠᠯᠠᠩ ᠤᠨ ᠳᠤᠰᠠᠯᠠᠬᠤ ᠥᠢᠯᠡᠳᠬᠦᠨ ᠳᠡᠯᠭᠡᠨ ᠪᠤᠷᠤᠯᠠᠭᠤᠯᠵᠤ ᠪᠤᠢ᠂ ᠤᠰᠥᠨ ᠳᠤᠳᠤᠷᠭ᠎ᠠ᠂ ᠪᠦᠳᠥᠬᠦᠯᠢᠭ ᠠᠮᠥ᠂ ᠭᠡᠭᠡᠷ᠎ᠡ ᠶᠢᠨ ᠮᠦᠬᠦ ᠵᠡᠷᠭᠡ ᠨᠢ ᠪᠤᠬᠢᠷᠳᠤᠯ ᠦᠬᠡᠢ᠂ ᠪᠠᠶᠢᠭᠠᠯᠢᠯᠢᠭ ᠪᠠᠶᠢᠳᠠᠭ ᠢᠶᠠᠷ ᠢᠶᠠᠨ ᠪᠡᠭᠡᠵᠢᠩ ᠱᠠᠩᠬᠠᠢ ᠵᠡᠷᠭᠡ ᠬᠤᠳᠠ ᠶᠢᠨ ᠬᠡᠷᠡᠭᠯᠡᠭᠴᠢᠳ ᠤᠨ ᠬᠦᠷᠢᠶᠡᠯᠡᠯ ᠢ ᠤᠯᠵᠤ ᠪᠠᠶᠢᠨ᠎ᠠ᠃    ᠤᠷᠠᠨᠳᠤᠳᠢ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号