| | ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠤᠯᠤᠰ ᠲᠥᠷᠥ ᠶᠢᠨ ᠵᠥᠪᠯᠡᠯᠭᠡᠨ ᠤ ᠬᠤᠷᠢᠶᠠᠨ ᠤ ᠠᠷᠪᠠᠨ | ᠲᠠᠪᠤᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠭ ᠤᠨ ᠪᠦᠷᠢᠯᠳᠦᠬᠦᠨ | ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠪᠣᠯᠭᠠᠬᠤ ᠶᠢ ᠠᠬᠢᠭᠤᠯᠬᠤ ᠲᠤᠬᠠᠢ | ᠰᠠᠨᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ︽ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠰᠢᠨ᠎ᠡ ᠰᠠᠭᠤᠷᠢᠰᠢᠯ ᠤᠨ ᠬᠤᠲᠠ ᠲᠣᠭᠤᠷᠢᠭ ᠤᠨ ︿ᠲᠤᠯᠠᠭᠠᠯᠠᠭ᠎ᠠ ᠶᠢᠨ ᠢᠨᠵᠧᠨᠧᠷᠢᠩ﹀ ᠢ | ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠦᠵᠡᠭᠰᠡᠨ ᠮᠡᠳᠡᠭᠦᠯᠦᠯᠲᠡ︾ ︽ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ︾ ︽ᠤᠯᠤᠰ | ᠲᠥᠷᠥ ᠶᠢᠨ ᠵᠥᠪᠯᠡᠯᠭᠡᠨ ᠤ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠳ ᠤᠨ | ᠠᠵᠢᠯᠯᠠᠭᠠᠨ ᠤ ᠳᠤᠭᠤᠶᠢᠯᠠᠩ ᠤᠨ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠠᠵᠢᠯ ᠤᠨ ᠬᠢᠨᠠᠨ ᠰᠢᠯᠭᠠᠬᠤ ᠠᠷᠭ᠎ᠠ︾ | ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠠᠰᠠ ᠬᠠᠮᠲᠤ ᠪᠠᠷ ︽ᠭᠠᠵᠢᠭᠤ ᠨᠣᠮᠯᠠᠯ ᠢ ᠡᠰᠡᠷᠭᠦᠴᠡᠵᠦ | ᠰᠡᠷᠡᠮᠵᠢᠯᠡᠭᠦᠯᠬᠦ ᠬᠥᠮᠦᠵᠢᠯ︾ ᠤᠨ ᠲᠤᠰᠬᠠᠢ ᠰᠡᠳᠦᠪᠲᠦ ᠲᠠᠶᠢᠯᠤᠮᠵᠢ ᠶᠢ ᠰᠣᠨᠣᠰᠴᠤ ᠰᠤᠷᠤᠯᠴᠠᠪᠠ᠃ |