ᠪᠤᠷᠭᠠᠰᠤᠳᠠᠢ ᠰᠢᠶᠠᠩ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/9/24
        ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠷᠭᠠᠰᠦᠳᠠᠢ ᠰᠢᠶᠠᠩ ᠤᠨ ᠬᠠᠤᠯᠢ ᠴᠠᠭᠠᠵᠠ ᠶᠢᠨ ᠭᠠᠵᠠᠷ᠂ ᠨᠢᠭᠡᠳᠦᠮᠡᠯ ᠹᠷᠣᠨᠲ ᠤᠨ ᠠᠯᠪᠠᠨ ᠬᠡᠷ᠂ ᠬᠢᠩᠭᠠᠨ ᠨᠡᠶᠢᠭᠡᠮ ᠲᠣᠭᠤᠷᠢᠭ ᠵᠠᠷᠬᠡ  ᠪᠠᠶᠢᠭᠤᠯᠭ᠎ᠠ ᠨᠢᠬᠡᠴᠢ ᠬᠠᠮᠲᠤᠷᠠᠨ ᠬᠢᠩᠭᠠᠨ ᠲᠣᠰᠬᠤᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠬᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠲᠤᠷᠠᠴᠤᠤᠯ ᠬᠢᠩᠭᠠᠨ ᠲᠣᠰᠬᠤᠨ ᠤ ᠳᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠬ ᠰᠢᠮ᠎ᠠ ᠶᠢᠨ ᠠᠷᠠᠯᠵᠢᠶᠠᠨ ᠤ ᠭᠠᠵᠠᠷ ᠢᠶᠠᠷ ᠬᠦᠨᠵᠡᠭᠡᠶᠢᠷᠡᠨ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠬᠠᠤᠯᠢ ᠴᠠᠭᠠᠵᠠ ᠶᠢᠨ ᠯᠠᠪᠯᠠᠭ᠎ᠠ ᠶᠢᠨ ᠲᠠᠪᠴᠠᠩ ᠭᠠᠷᠭᠠᠬᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ᠂ ᠡᠷᠡᠬᠦᠦ ᠶᠢᠨ ᠬᠠᠤᠯᠢ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠠᠵᠢᠯ ᠤᠨ ᠳᠤᠬᠠᠢ ᠬᠠᠤᠯᠢ ᠳᠤᠬᠳᠠᠭᠠᠯ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ ᠤᠯᠠᠨ ᠲᠦᠮᠡᠨ ᠳᠤ ᠬᠠᠤᠯᠢ ᠶᠢ ᠰᠤᠷᠴᠤ ᠬᠠᠤᠯᠢ ᠶᠢ ᠰᠠᠬᠢᠬᠤ ᠶᠢᠨ ᠴᠢᠬᠤᠯᠠ ᠴᠢᠨᠠᠷ ᠢ ᠮᠡᠳᠡᠬᠦᠯᠤᠨ᠂ ᠬᠠᠤᠯᠢ ᠴᠠᠭᠠᠵᠠ ᠪᠠᠷ ᠦᠪᠡᠷ ᠢ ᠪᠠᠨ ᠬᠠᠮᠠᠭᠠᠯᠠᠬᠤ ᠶᠢ ᠰᠤᠷᠳᠠᠯᠴᠢᠯᠠᠵᠠᠢ᠃      ᠲᠣᠰ ᠤᠳᠠᠭᠠᠨ ᠤ ᠠᠵᠢᠯᠯᠠᠭ᠎ᠠ ᠨᠢ ᠠᠮᠢᠨ ᠬᠡᠷᠡᠭ ᠡᠭᠦᠰᠭᠦ ᠶᠢᠨ ᠬᠤᠤᠷ ᠬᠥᠨᠥᠭᠡᠯᠲᠦ ᠴᠢᠨᠠᠷ ᠢ ᠥᠷᠭᠡᠨ ᠣᠯᠠᠨ ᠲᠦᠮᠡᠨ ᠳᠤ ᠭᠦᠨᠵᠡᠭᠡᠶ ᠣᠶᠢᠯᠠᠭᠠᠭᠤᠯᠵᠤ᠂ ᠣᠯᠠᠨ ᠲᠦᠮᠡᠨ ᠤ ᠰᠡᠷᠭᠡᠶᠢᠯᠡᠬᠦ ᠴᠢᠳᠠᠪᠤᠷᠢ ᠪᠠ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠡᠳᠥ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠳᠠᠷᠠᠭᠠᠴᠢ ᠪᠠᠷ᠂ ᠪᠤᠷᠭᠠᠰᠤᠳᠠᠢ ᠰᠢᠶᠠᠩ ᠤᠨ ᠬᠠᠤᠯᠢ ᠴᠠᠭᠠᠵᠠ ᠶᠢᠨ ᠭᠠᠵᠠᠷ ᠦᠷᠬᠦᠯᠵᠢᠯᠡᠨ ᠬᠠᠤᠯᠢ ᠴᠠᠭᠠᠵᠠ ᠶᠢᠨ ᠤᠬᠠᠭᠤᠯᠭ᠎ᠠ ᠶᠢ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠬᠤ ᠶᠢ ᠪᠠᠷᠢᠮᠲᠠᠯᠠᠬᠤ ᠪᠤᠯᠤᠨ᠎ᠠ᠃ ︵ᡁᠢ ᠮᠢᠨ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号