ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠤᠯᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/9/25
      9 ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠢᠳᠤᠭᠠᠷ ᠤᠳᠠᠭᠠᠨ ᠤ ᠬᠤᠷᠠᠯ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠦ᠋ᠨ ᠢᠦᠶ᠂ ᠬᠤᠰᠢᠭᠤᠨ  ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃       ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠠᠵᠤ ᠠᠬᠤᠢ ᠶᠢᠨ ᠪᠠᠶᠢᠭᠤᠯᠤᠮᠵᠢ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠣᠭᠳᠠᠭᠰᠠᠨ ᠰᠦᠪᠡᠭᠴᠢ ᠶᠢ ᠰᠢᠢᠳᠪᠦᠷᠢᠯᠡᠬᠦ ᠠᠵᠢᠯ ᠤᠨ ᠠᠷᠭ᠎ᠠ︾᠂ 2024 ᠣᠨ ᠤ ᠪᠦᠬᠦ ᠠᠶᠢᠮᠠᠭ ᠤᠨ  ᠬᠤᠤᠷ ᠴᠠᠭᠠᠵᠠᠯᠠᠬᠤ ᠠᠵᠢᠯ ᠤᠨ ᠲᠧᠯᠸᠢᠰ ᠤᠲᠠᠰᠤᠳᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠳᠤ  ᠪᠦᠬᠦ ᠬᠤᠰᠢᠭᠤᠨ ᠤ ᠠᠳᠠᠯ ᠠᠬᠤᠶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ᠂ ᠠᠵᠤ  ᠤᠶᠢᠯᠡᠳᠪᠤᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ  ᠰᠢᠢᠳᠪᠤᠷᠢᠯᠡᠬᠦ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ᠂ ᠰᠣᠯᠣᠨ ᠤ ᠤᠰᠤ ᠲᠠᠲᠠᠵᠤ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ  ᠵᠤᠶᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ᠂ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠭᠰᠠᠨ ᠬᠠᠮᠢᠶ᠎ᠠ ᠪᠥᠬᠦᠶ ᠪᠠᠶᠢᠳᠠᠯ ᠵᠡᠷᠭᠡ ᠲᠠᠯ᠎ᠠ ᠪᠠᠷ ᠪᠥᠬᠦ ᠲᠠᠯ᠎ᠠ ᠪᠠᠷ ᠵᠠᠳᠠᠯᠤᠯᠲᠠ ᠪᠠ ᠰᠣᠯᠢᠯᠴᠠᠭ᠎ᠠ ᠬᠢᠵᠡᠶ᠃ ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠬᠠᠷᠢᠭᠤᠴᠠᠬᠤ ᠶᠠᠪᠤᠳᠠᠯ ᠢ ᠰᠤᠳᠤᠯᠵᠠᠢ᠃      ᠯᠢᠦ ᠬᠠᠶ ᠲᠤᠤ᠂ ᠠᠷᠠᠳ ᠲᠤ ᠲᠥᠬᠦᠮ ᠦᠵᠡᠭᠦᠯᠬᠦ ᠤᠶᠢᠯᠡᠴᠢᠯᠡᠭᠡᠨ ᠤ ᠵᠢᠵᠢᠭ ᠫᠷᠤᠭ᠍ᠷᠠᠮ ᠤᠨ ᠠᠵᠢᠯ ᠤᠨ ᠳᠤᠮᠳᠠ᠂ ᠠᠷᠠᠳ ᠲᠤ ᠲᠥᠬᠦᠮ ᠦᠵᠡᠭᠦᠯᠬᠦ ᠶᠢᠨ ᠬᠠᠮᠲᠤ ᠫᠷᠤᠭ᠍ᠷᠠᠮ ᠤᠨ ᠬᠡᠷᠡᠭᠯᠡᠯᠲᠡ ᠶᠢᠨ ᠪᠣᠯᠪᠠᠰᠤᠷᠠᠯ ᠵᠢᠴᠢ ᠤᠬᠠᠭᠤᠯᠵᠤ ᠬᠥᠲᠥᠯᠦᠨ ᠵᠢᠯᠣᠭᠤᠳᠬᠤ ᠶᠢ ᠨᠠᠩ ᠰᠠᠶᠢᠲᠤᠷ ᠬᠢᠵᠦ᠂ ᠵᠠᠰᠠᠭ ᠤᠨ ᠣᠷᠳᠣᠨ ᠤ ᠠᠷᠠᠳ ᠲᠤ ᠤᠶᠢᠯᠡᠴᠢᠯᠡᠬᠦ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠲᠥᠯᠥᠪᠵᠢᠭᠦᠯᠭᠡ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠴᠡᠴᠡᠷᠯᠢᠭ ᠤᠨ ᠡᠪᠡᠰᠦ ᠶᠢ ᠲᠠᠰ ᠬᠤᠪᠢᠶᠠᠨ ᠲᠣᠭᠲᠠᠭᠠᠬᠤ ᠠᠵᠢᠯ ᠢ ᠠᠬᠢᠭᠤᠯᠵᠤ᠂ ᠶᠠᠰᠤ ᠴᠢᠨᠠᠷ ᠢ ᠪᠠᠲᠤᠯᠠᠬᠤ ᠶᠢᠨ ᠬᠠᠮᠲᠤ ᠲᠥᠷᠥᠯ ᠵᠤᠶᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠬᠠᠮᠵᠢᠯᠴᠠᠵᠤ᠂ ᠬᠤᠷᠠᠯ ᠢᠶᠠᠷ ᠵᠥᠪᠯᠡᠨ ᠲᠣᠭᠲᠠᠭᠠᠭᠰᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠰᠢᠯᠢᠳᠡᠭ ᠦᠢᠯᠡᠴᠢᠯᠡᠭᠡ ᠪᠠ ᠪᠠᠲᠤᠯᠠᠭ᠎ᠠ ᠬᠠᠩᠭᠠᠵᠤ᠂ ᠡᠯ᠎ᠡ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ ᠭᠡᠵᠦ ᠢᠯᠡᠷᠬᠡᠶᠢᠯᠡᠪᠡ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号