ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠲᠠ ᠬᠥᠳᠡᠭᠡ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/25
    9 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠪᠥᠬᠦ ᠬᠤᠰᠢᠭᠤᠨ ᠤ ᠬᠤᠲᠠ ᠬᠥᠳᠡᠭᠡ ᠶᠢᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠬᠤᠷᠠᠯ ᠠᠴᠠ ᠪᠥᠬᠦ ᠬᠤᠰᠢᠭᠤᠨ ᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠡᠯ᠎ᠡ ᠭᠠᠵᠠᠷ ᠤᠨ ᠢᠯᠴᠢ ᠬᠠᠩᠭᠠᠬᠤ ᠳᠤ ᠬᠦᠴᠢᠷᠲᠡᠶ ᠠᠰᠠᠭᠤᠳᠠᠯ ᠢ ᠡᠮᠬᠢᠯᠡᠨ ᠳᠢᠭᠯᠡᠵᠦ᠂  ᠰᠢᠢᠳᠪᠤᠷᠢᠯᠡᠬᠦ ᠲᠥᠰᠦᠯ ᠪᠠ ᠠᠷᠭᠠᠴᠠᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠳᠤᠷᠠᠳᠤᠨ ᠭᠠᠷᠭᠠᠪᠠ᠃    ᠬᠤᠷᠠᠯ ᠠᠴᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠪᠣᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠬᠤ ᠂ ᠠᠷᠠᠳ ᠤᠯᠠᠨ ᠤ ᠬᠠᠯᠠᠭᠤᠨ ᠪᠦᠯᠢᠶᠡᠨ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠶᠠᠪᠤᠳᠠᠯ ᠪᠣᠯᠤᠨ᠎ᠠ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡᠪᠰᠢ ᠰᠠᠶᠢᠲᠤᠷ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠡᠨᠡ ᠵᠢᠯ᠂ ᠬᠤᠰᠢᠭᠤᠨ ᠤ ᠵᠠᠰᠠᠭ ᠤᠨ ᠣᠷᠳᠣᠨ ᠳᠤᠯᠠᠭᠠᠯᠠᠭ᠎ᠠ ᠶᠢᠨ ᠢᠨᠵᠧᠨᠧᠷᠢᠩ ᠤᠨ ᠲᠤᠰᠬᠠᠶ ᠪᠠᠯᠠ ᠮᠥᠩᠭᠦ ᠶᠢ ᠡᠯ᠎ᠡ ᠰᠤᠮᠤ ᠰᠢᠶᠠᠩ ᠪᠠᠯᠭᠠᠰᠤᠨ ᠳᠤ ᠨᠢᠭᠡ ᠨᠢᠭᠡ ᠪᠠᠷ ᠪᠠᠭᠤᠯᠭᠠᠨ ᠥᠭᠴᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠶᠠᠰᠤ ᠴᠢᠨᠠᠷ ᠤᠨ ᠪᠣᠭᠤᠮᠲᠠ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠡᠯ᠎ᠡ ᠵᠤᠶᠢᠯ ᠤᠨ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠳᠤᠯᠠᠭᠠᠯᠠᠭ᠎ᠠ ᠶᠢᠨ ᠤᠯᠠᠷᠢᠯ ᠠᠴᠠ ᠡᠮᠦᠨ᠎ᠡ ᠪᠦᠬᠦᠨ ᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠢᠯᠴᠢ ᠬᠠᠩᠭᠠᠬᠤ ᠠᠵᠤ ᠠᠬᠤᠶᠢᠯᠠᠯ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠤ᠂ ᠡᠯ᠎ᠡ  ᠵᠤᠶᠢᠯ ᠤᠨ ᠠᠰᠠᠭᠤᠳᠠᠯ ᠢ ᠢᠯᠴᠢ ᠶᠢ ᠨᠡᠭᠡᠭᠡᠬᠦ ᠠᠴᠠ ᠡᠮᠦᠨ᠎ᠡ ᠰᠢᠢᠳᠪᠤᠷᠢᠯᠡᠵᠤ᠂ ᠠᠵᠤ ᠠᠬᠤᠶᠢᠯᠠᠯ ᠤᠨ ᠠᠮᠤᠷ ᠲᠦᠪᠰᠢᠨ ᠢᠶᠠᠷ ᠢᠯᠴᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠤᠯᠠᠭᠠᠯᠠᠭ᠎ᠠ ᠶᠢᠨ ᠬᠠᠷᠢᠭᠤ ᠰᠤᠷᠪᠤᠯᠵᠢᠯᠠᠯ ᠤᠨ ᠠᠵᠢᠯ ᠢ ᠰᠠᠶᠢᠲᠤᠷ ᠬᠢᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠳᠤᠯᠠᠭᠠᠯᠠᠭ᠎ᠠ ᠶᠢᠨ ᠤᠶᠢᠯᠡᠴᠢᠯᠡᠭᠡ  ᠪᠠᠷ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号