ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠯᠳᠠᠷ ᠳᠤᠳᠤᠭᠠᠳᠦ ᠶᠢ ᠬᠠᠮᠠᠭᠠᠯᠠᠬᠤ ᠰᠠᠯᠪᠤᠷᠢ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2024/9/26
     ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠳᠤ ᠪᠠᠳᠤᠯᠠᠭ᠎ᠠ ᠬᠠᠨᠭ᠍ᠭᠠᠨ᠂ ᠪᠠᠭᠰᠢ ᠰᠤᠷᠤᠬᠴᠢᠳ ᠲᠤ ᠠᠮᠤᠷ ᠲᠦᠪᠰᠢᠨ ᠰᠤᠷᠤᠯᠴᠠᠯᠭ᠎ᠠ ᠶᠢᠨ ᠤᠷᠴᠢᠨ ᠲᠤᠭᠤᠷᠢᠨ ᠢ ᠡᠬᠦᠳᠤᠨ ᠦᠭᠬᠦ ᠪᠠᠷ᠂ ᠤᠶᠢᠷ᠎ᠠ ᠶᠢᠨ ᠡᠳᠦᠷ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠠᠯᠳᠠᠷ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠴᠠᠬᠳᠠᠭ᠎ᠠ ᠬᠠᠷᠢᠶ᠎ᠠ ᠤᠷᠤᠨ ᠤ ᠪᠠᠨ ᠰᠤᠷᠭᠠᠭᠤᠯᠢ ᠶᠢᠨ ᠬᠦᠷᠢᠶ᠎ᠠ ᠪᠠᠷ ᠬᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠳᠠ ᠬᠢᠪᠡ᠃      ᠪᠠᠶᠢᠴᠠᠭᠠᠯᠳᠠ ᠳᠤ᠂ ᠠᠯᠳᠠᠷ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠴᠠᠬᠳᠠᠭ᠎ᠠ ᠬᠠᠷᠢᠶ᠎ᠠ ᠤᠷᠤᠨ ᠤ ᠪᠠᠨ ᠰᠤᠷᠭᠠᠭᠤᠯᠢ ᠶᠢᠨ ᠬᠦᠷᠢᠶ᠎ᠠ ᠪᠠᠷ ᠬᠦᠷᠴᠦ᠂ ᠰᠤᠷᠭᠠᠭᠤᠯᠢ ᠶᠢᠨ ᠳᠤᠳᠤᠭᠠᠳᠦ ᠳᠠᠬᠢ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠠᠵᠢᠯ ᠳᠤ ᠪᠠᠶᠢᠴᠠᠭᠠᠯᠳᠠ ᠬᠢᠪᠡ᠃ ᠰᠤᠷᠭᠠᠭᠤᠯᠢ ᠶᠢᠨ ᠠᠮᠤᠷ ᠢ ᠬᠠᠮᠠᠭᠠᠯᠠᠬᠴᠢ ᠶᠢᠨ ᠠᠵᠢᠯ ᠳᠤ ᠵᠢᠭᠠᠨ ᠵᠢᠯᠤᠭᠤᠳᠤᠯᠭ᠎ᠠ ᠬᠢᠵᠦ᠂ ᠰᠤᠷᠭᠠᠭᠤᠯᠢ ᠶᠢᠨ ᠡᠬᠦᠳᠡ ᠪᠠᠷ ᠤᠷᠤᠵᠦ ᠭᠠᠷᠴᠦ ᠪᠠᠶᠢᠭ᠎ᠠ ᠳᠡᠷᠭᠡ ᠬᠦᠰᠭᠡ ᠵᠢᠴᠢ ᠰᠤᠷᠭᠠᠭᠤᠯᠢ ᠶᠢᠨ ᠭᠠᠳᠠᠨᠠᠬᠢ ᠬᠦᠮᠦᠰ ᠤᠨ ᠰᠤᠷᠭᠠᠭᠤᠯᠢ ᠪᠠᠷ ᠤᠷᠤᠵᠤ ᠭᠠᠷᠬᠤ ᠮᠡᠳᠡᠭᠡ ᠵᠠᠩᠬᠢ ᠶᠢ ᠨᠠᠷᠢᠯᠢᠬ ᠳᠡᠮᠳᠡᠭᠯᠡᠵᠦ ᠪᠠᠶᠢᠬᠤ ᠡᠰᠡᠬᠦ᠂ ᠡᠯ᠎ᠠ ᠲᠥᠷᠥᠯ ᠤᠨ ᠠᠮᠤᠷ ᠢ ᠬᠠᠮᠠᠭᠠᠯᠠᠬᠤ ᠳᠤᠨᠤᠬ ᠲᠦᠬᠦᠭᠡᠷᠤᠮᠵᠢ ᠬᠦᠢᠴᠡᠳ ᠪᠠᠶᠢᠬᠤ ᠡᠰᠡᠬᠦ ᠳᠤ ᠪᠠᠶᠢᠴᠠᠭᠠᠯᠳᠠ ᠬᠢᠬᠦ ᠶᠢᠨ ᠬᠠᠮᠳᠦ ᠠᠮᠤᠷ ᠢ ᠬᠠᠮᠠᠭᠠᠯᠠᠬᠴᠢ ᠶᠢᠨ ᠬᠠᠷᠢᠭᠤᠴᠠᠯᠭ᠎ᠠ ᠶᠢ ᠤᠯᠠᠮ ᠴᠢᠩᠭᠠᠳᠬᠠᠬᠰᠠᠨ ᠪᠠᠶᠢᠨ᠎ᠠ᠃ ᠡᠬᠦᠨ ᠠᠴᠠ ᠭᠠᠳᠠᠨ᠎ᠠ᠂ ᠴᠠᠬᠳᠠᠭ᠎ᠠ ᠨᠠᠷ ᠪᠠᠰᠠ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤᠮᠳᠠᠭᠠᠨ ᠤ ᠠᠮᠤᠷ ᠲᠦᠪᠰᠢᠨ᠂ ᠭᠠᠯ ᠰᠡᠷᠭᠡᠶᠢᠯᠡᠵᠦ ᠤᠨᠳᠠᠷᠠᠭᠠᠬᠤ ᠳᠤᠨᠤᠬ ᠲᠦᠬᠦᠭᠡᠷᠤᠮᠵᠢ᠂ ᠠᠮᠤᠷ ᠲᠦᠪᠰᠢᠨ ᠤ ᠰᠠᠨᠠᠭᠤᠯᠤᠮᠵᠢ ᠶᠢᠨ ᠫᠠᠶᠢᠰᠠ ᠳᠡᠮᠳᠡᠭ᠂ ᠰᠤᠷᠭᠠᠭᠤᠯᠢ ᠶᠢᠨ ᠬᠦᠷᠢᠶᠡᠨ ᠤ ᠬᠢᠨᠠᠨ ᠡᠵᠡᠮᠳᠡᠬᠦᠷ ᠵᠡᠷᠭᠡ ᠳᠤ ᠪᠠᠶᠢᠴᠠᠭᠠᠯᠳᠠ ᠬᠢᠵᠦ᠂ ᠰᠤᠷᠭᠠᠭᠤᠯᠢ ᠶᠢᠨ ᠬᠠᠷᠢᠭᠤᠴᠠᠯᠭᠠᠳᠠᠨ ᠳᠤ ᠬᠠᠮᠢᠶ᠎ᠠ ᠪᠦᠬᠦᠢ ᠠᠮᠤᠷ ᠲᠦᠪᠰᠢᠨ ᠤ ᠰᠠᠨᠠᠭᠤᠯᠤᠮᠵᠢ ᠦᠭᠬᠦᠭᠰᠡᠨ ᠪᠠᠶᠢᠨ᠎ᠠ᠃ᠠᠯᠳᠠᠷ ᠳᠤᠳᠤᠭᠠᠳᠦ ᠶᠢ ᠬᠠᠮᠠᠭᠠᠯᠠᠬᠤ ᠰᠠᠯᠪᠤᠷᠢ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠢ ᠳᠡᠷᠡ ᠳᠠᠷᠤᠢ ᠴᠡᠭᠴᠡᠯᠡᠨ ᠰᠠᠶᠢᠵᠢᠷᠠᠭᠤᠯᠵᠦ᠂ ᠬᠠᠮᠢᠶ᠎ᠠ ᠪᠦᠬᠦᠢ ᠬᠠᠷᠢᠭᠤᠴᠠᠯᠭᠠᠳᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠬᠦᠯᠵᠦ᠂ ᠪᠠᠭᠰᠢ ᠰᠤᠷᠤᠬᠴᠢᠳ ᠤᠨ ᠠᠮᠤᠷ ᠲᠦᠪᠰᠢᠨ ᠳᠤ ᠪᠠᠳᠤᠯᠠᠭ᠎ᠠ ᠬᠠᠨᠭ᠍ᠭᠠᠯ᠎ᠠ᠃  ︵ᡁᠢ ᠮᠢᠨ ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号