ᠠᠶᠢᠮᠠᠭ ᠤᠨ ᠬᠤᠶᠠᠷ ᠰᠠᠯᠠᠭ᠎ᠠ ᠮᠥᠴᠢᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠤ ᠬᠦᠷᠴᠤ ᠠᠯᠪᠠᠨ ᠵᠢᠷᠤᠮ ᠤᠨ ᠡᠮᠴᠢᠯᠡᠭᠡ ᠬᠢᠵᠡᠢ
ᠨᠡᠶᠢᠲᠡᠯᠡᠭᠰᠡᠨ ᠴᠠᠭ᠄
2024/9/27
     ᠣᠶᠢᠷ᠎ᠠ ᠳᠤ᠂ ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠠᠢ ᠬᠠᠮᠳᠤᠷᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠪᠰᠤᠷᠤᠨ ᠲᠡᠳᠬᠦᠬᠦ ᠴᠡᠭ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠳᠦᠭᠡᠷ ᠪᠠᠯᠭᠠᠰᠤᠨ ᠤ ᠱᠤᠸᠠᠩ ᠱᠧᠩ ᠲᠣᠰᠬᠤᠨ ᠳᠤ ᠭᠦᠨᠵᠡᠭᠡᠶᠢᠷᠡᠵᠦ᠂ ︽ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠶᠢ ᠬᠥᠳᠡᠭᠡ ᠲᠣᠰᠬᠤᠨ ᠳᠤ ᠬᠦᠷᠭᠡᠬᠦ︾ ᠠᠵᠢᠯᠯᠠᠭ᠎ᠠ ᠥᠷᠨᠢᠭᠦᠯᠪᠡ᠃     ᠲᠣᠰ ᠤᠳᠠᠭᠠᠨ ᠤ ᠠᠵᠢᠯᠯᠠᠭ᠎ᠠ ᠳᠤ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠠᠭᠤᠰᠬᠢᠨ ᠡᠪᠡᠳᠴᠢᠨ ᠤ ᠰᠠᠯᠠᠭ᠎ᠠ᠂ ᠬᠠᠪᠤᠳᠠᠷ ᠤᠨ ᠰᠠᠯᠠᠭᠠᠨ ᠤ ᠲᠤᠰᠬᠠᠶ ᠮᠡᠷᠭᠡᠵᠢᠯᠲᠡᠨ ᠢ ᠤᠷᠢᠵᠤ ᠲᠣᠰᠬᠤᠨ ᠤ ᠠᠷᠠᠳ ᠲᠤ ᠴᠢᠰᠤᠨ ᠳᠠᠷᠤᠯᠲᠠ ᠶᠢ ᠪᠠᠶᠢᠴᠠᠭᠠᠨ ᠰᠢᠯᠭᠠᠬᠤ᠂ ᠬᠢᠲᠠᠳ ᠡᠮᠨᠡᠯᠭᠡ ᠶᠢᠨ ᠡᠮᠴᠢᠯᠡᠭᠡ ᠵᠡᠷᠭᠡ ᠡᠷᠡᠭᠦᠯ ᠮᠡᠨᠳᠦ ᠶᠢᠨ ᠣᠨᠣᠰᠢᠯᠠᠨ ᠡᠮᠨᠡᠬᠦ ᠦᠢᠯᠡᠴᠢᠯᠡᠭᠡ ᠶᠢ ᠰᠦᠢᠳᠬᠡᠯ ᠬᠤᠷᠢᠶᠠᠬᠤ ᠥᠬᠡᠶ ᠪᠠᠷ ᠥᠷᠨᠢᠭᠦᠯᠪᠡ᠃ ᠠᠵᠢᠯᠲᠠᠳ ᠪᠠᠰᠠ ᠲᠣᠰᠬᠤᠨ ᠤ ᠠᠷᠠᠳ ᠤᠨ ᠬᠡᠷ ᠢᠶᠠᠷ ᠬᠦᠷᠴᠦ᠂ ᠲᠣᠰᠬᠤᠨ ᠤ ᠠᠷᠠᠳ ᠲᠤ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ᠂ ᠡᠷᠡᠭᠦᠯ ᠮᠡᠨᠳᠦ ᠢᠳᠡᠭᠡᠨ ᠤᠮᠳᠠᠭᠠᠨ ᠢ ᠡᠷᠬᠢᠮᠯᠡᠬᠦ ᠶᠢ ᠰᠠᠨᠠᠭᠤᠯᠵᠤ᠂ ᠲᠠᠳᠠᠨᠠᠷ ᠢ ᠬᠠᠪᠰᠤᠷᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠨᠢ ᠭᠦᠨᠵᠡᠭᠡᠶᠢᠷᠡᠭᠦᠯᠦᠭᠰᠡᠨ ᠪᠠᠶᠢᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号