ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠨᠠᠶᠢᠷ ᠬᠦᠭᠵᠢᠶᠡᠨ ᠲᠠᠢ ᠶᠠᠪᠤᠬᠳᠠᠵᠠᠢ
ᠨᠡᠶᠢᠲᠡᠯᠡᠭᠰᠡᠨ ᠴᠠᠭ᠄
2024/9/27
     ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠢᠮᠠᠬᠳᠠ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠶᠢ ᠬᠦᠮᠦᠨ ᠢ ᠬᠦᠮᠦᠵᠢᠬᠦᠯᠬᠦ ᠪᠦᠬᠦ ᠶᠠᠪᠤᠴᠠ ᠳᠤ ᠠᠭᠤᠰᠤᠯᠴᠠᠭᠤᠯᠵᠤ᠂ ᠬᠢᠨᠭ᠍ᠭᠠᠨ ᠠᠶᠢᠮᠠᠭ ᠤᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠱᠠᠭᠠᠷᠳᠠᠯᠭ᠎ᠠ ᠶᠢᠨ 1+2 ᠶᠡᠷᠦᠩᠭᠡᠢ ᠲᠤᠬᠳᠠᠴᠠ ᠶᠢᠨ ᠰᠢᠰᠲ᠋ᠧᠮ ᠢ ᠲᠤᠭᠤᠰᠢᠯᠠᠭᠤᠯᠵᠦ᠂ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠠᠰᠢᠬᠯᠠᠨ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠶᠠᠪᠤᠬᠳᠠᠭᠤᠯᠵᠠᠢ᠃     ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠡᠯ᠎ᠡ ᠲᠤᠮᠳᠠᠳᠤ ᠪᠠᠭ᠎ᠠ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠨᠠᠶᠢᠷ ᠤᠨ ᠠᠵᠢᠯᠯᠠᠭ᠎ᠠ ᠦᠷᠨᠢᠬᠦᠯᠵᠠᠢ᠃ ᠪᠤᠳᠠᠳᠠᠢ ᠠᠵᠢᠯ ᠨᠢ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢᠨ ᠲᠤᠭᠤᠷᠢᠨ ᠳᠤ ᠶᠠᠪᠤᠬᠳᠠᠵᠦ᠂ ᠪᠠᠭᠰᠢ ᠰᠤᠷᠤᠬᠴᠢᠳ ᠨᠠᠶᠢᠷᠠᠯ ᠲᠠᠭᠤᠤ᠂ ᠬᠦᠭᠵᠢᠮ᠂ ᠪᠦᠵᠢᠭ᠂ ᠤᠷᠠᠨ ᠤᠡᠭᠰᠢᠯᠭ᠎ᠠ᠂ ᠰᠢ ᠵᠦᠴᠦᠬᠡ ᠵᠢᠴᠢ ᠤᠷᠠᠨ ᠵᠢᠷᠤᠭ ᠂ ᠤᠷᠠᠨ ᠪᠢᠴᠢᠯᠬᠡ᠂ ᠲᠤᠷ᠎ᠠ ᠰᠤᠨᠢᠷᠬᠠᠯᠳᠤ ᠠᠵᠢᠯᠯᠠᠭ᠎ᠠ ᠵᠡᠷᠭᠡ ᠤᠯᠠᠨ ᠲᠦᠷᠦᠯ ᠤᠨ ᠬᠠᠮᠳᠤ ᠶᠢᠨ ᠪᠠ ᠬᠤᠪᠢ ᠬᠦᠮᠦᠨ ᠤ ᠲᠦᠷᠦᠯ ᠵᠦᠢᠯ ᠳᠤ ᠤᠷᠤᠯᠴᠠᠵᠦ᠂ ᠤᠷᠬᠢᠯᠤᠮ᠎ᠠ ᠬᠠᠯᠠᠭᠤᠨ ᠰᠡᠳᠬᠢᠯᠬᠡ ᠪᠠᠷ ᠤᠷᠠᠯᠢᠭ ᠤᠨ ᠬᠦᠮᠦᠵᠢᠯ ᠤᠨ ᠦᠷ᠎ᠡ ᠪᠦᠳᠦᠬᠡᠯ ᠢ ᠬᠠᠮᠳᠤᠪᠡᠷ ᠡᠳ᠋ᠯᠡᠵᠡᠢ᠃     ᠰᠤᠷᠭᠠᠭᠤᠯᠢ ᠶᠢᠨ ᠬᠦᠷᠢᠶᠡᠨ ᠤ ᠤᠷᠠᠯᠢᠭ ᠤᠨ ᠨᠠᠶᠢᠷ ᠪᠤᠯ ᠭᠠᠭᠴᠠ ᠪᠠᠭᠰᠢ ᠰᠤᠷᠤᠬᠴᠢᠳ ᠤᠨ ᠤᠷ᠎ᠠ ᠠᠪᠢᠶᠠᠰ ᠢᠶᠠᠨ ᠢᠯᠡᠷᠡᠬᠦᠯᠬᠦ ᠲᠡᠳᠦᠢ ᠪᠢᠰᠢ᠂ ᠨᠡᠩ ᠴᠤ ᠰᠤᠷᠭᠠᠨ ᠬᠦᠮᠦᠵᠢᠯ ᠤᠨ ᠦᠢᠯᠡᠳᠦᠯᠬᠡ ᠪᠤᠯᠬᠤ ᠶᠤᠮ᠃ ᠤᠷᠳᠤ ᠬᠤᠭᠤᠴᠠᠭᠠᠨ ᠤ ᠲᠤᠷᠰᠢ ᠰᠤᠷᠭᠠᠨ ᠬᠦᠮᠦᠵᠢᠯ ᠤᠨ ᠰᠢᠰᠲ᠋ᠧᠮ ᠤᠷᠠᠯᠢᠭ ᠤᠨ ᠬᠦᠮᠦᠵᠢᠯ ᠤᠨ ᠤᠷᠴᠢᠨ ᠲᠤᠭᠤᠷᠢᠨ ᠢ ᠲᠠᠰᠦᠷᠠᠯᠳᠠ ᠦᠬᠡᠢ ᠰᠢᠯᠢᠳᠡᠭᠵᠢᠬᠦᠯᠵᠦ᠂ ᠤᠷᠠᠯᠢᠭ ᠤᠨ ᠬᠦᠮᠦᠵᠢᠯ ᠤᠨ ᠤᠨᠤᠯᠵᠢᠬᠤᠨ ᠢ ᠰᠢᠨᠡᠳᠬᠡᠵᠦ᠂ ᠪᠠᠭᠰᠢ ᠰᠤᠷᠤᠬᠴᠢᠳ ᠢ ᠤᠷᠠᠯᠢᠭ ᠤᠨ ᠲᠠᠯ᠎ᠠ ᠪᠠᠷ ᠵᠤᠷᠢᠬᠳᠠᠢ ᠰᠦᠪᠡᠭᠴᠢᠯᠡᠨ ᠦᠢᠯᠡᠳᠦᠯᠬᠡᠵᠢᠬᠦᠯᠬᠦ ᠶᠢ ᠵᠤᠷᠢᠬᠵᠢᠭᠤᠯᠵᠦ᠂ ᠰᠤᠷᠤᠬᠴᠢᠳ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠵᠦ ᠪᠤᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号