ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠨᠠᠰᠤᠳᠡᠳ ᠤᠨ ᠵᠢᠷᠭᠠᠯ ᠤᠨ ᠪᠠᠳᠤᠯᠠᠭ᠎ᠠ
ᠨᠡᠶᠢᠲᠡᠯᠡᠭᠰᠡᠨ ᠴᠠᠭ᠄
2024/9/27
     ᠥᠲᠡᠯᠦᠭᠡ ᠨᠠᠰᠤ ᠪᠠᠨ ᠠᠮᠤᠷ ᠰᠠᠶᠢᠬᠠᠨ ᠵᠣᠯ ᠵᠢᠷᠭᠠᠯ ᠲᠠᠢ ᠥᠩᠭᠡᠷᠡᠭᠦᠯᠬᠦ ᠪᠣᠯ ᠨᠠᠰᠤᠲᠠᠶᠢᠴᠤᠳ ᠤᠨ ᠬᠦᠰᠡᠯ ᠡᠷᠡᠮᠡᠯᠵᠡᠯ ᠪᠣᠯᠬᠤ ᠶᠤᠮ᠃ ᠳᠡᠷᠡ ᠨᠢ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠲᠠᠢ ᠬᠤᠯᠪᠣᠭᠳᠠᠬᠤ ︽ᠬᠡᠷ ᠪᠦ᠋ᠯᠢ ᠶᠢᠨ ᠶᠠᠪᠤᠳᠠᠯ︾ ᠪᠣᠯᠬᠤ ᠮᠦᠷᠳᠡᠭᠡᠨ ᠨᠠᠩ ᠴᠤ ᠨᠡᠶᠢᠭᠡᠮ ᠨᠡᠶᠢᠳᠡ ᠶᠢᠨ ᠡᠶ᠎ᠡ ᠵᠣᠬᠢᠴᠠᠯ ᠳᠤ ᠬᠤᠯᠪᠣᠭᠳᠠᠬᠤ ︽ᠤᠯᠤᠰ ᠤᠨ ᠶᠠᠪᠤᠳᠠᠯ︾ ᠪᠣᠯᠬᠤ ᠶᠤᠮ᠃     2024 ᠣᠨ ᠳᠤ᠂ ᠬᠢᠩᠭᠠᠨ ᠠᠶᠢᠮᠠᠭ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ᠂ ᠨᠠᠰᠤᠲᠠᠶᠢᠴᠤᠳ ᠲᠤ ᠦᠢᠯᠡᠴᠢᠯᠡᠬᠦ 96111 ᠬᠠᠯᠠᠮᠰᠢᠯ ᠤᠲᠠᠰᠤᠨ ᠤ ᠠᠵᠢᠯᠯᠠᠭ᠎ᠠ ᠵᠡᠷᠭᠡ ᠶᠢ ᠥᠷᠨᠢᠭᠦᠯᠬᠦ ᠪᠠᠷ ᠳᠠᠮᠵᠢᠨ᠂ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠳᠤ ᠨᠠᠩ ᠣᠯᠠᠨ ᠠᠷᠭ᠎ᠠ ᠪᠤᠳᠤᠯᠭ᠎ᠠ ᠬᠠᠩᠭᠠᠨ᠂ ᠪᠦᠬᠦ ᠠᠶᠢᠮᠠᠭ ᠤᠨ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠨᠠᠩ ᠪᠠᠲᠤᠯᠠᠭ᠎ᠠ ᠲᠠᠢ᠂ ᠨᠠᠩ ᠴᠢᠨᠠᠷ ᠴᠢᠨᠰᠠᠭ᠎ᠠ ᠲᠠᠢ ᠪᠣᠯᠭᠠᠬᠰᠠᠨ ᠪᠠᠶᠢᠨ᠎ᠠ᠃     ᠨᠠᠰᠤᠳᠠᠶᠢᠴᠤᠳ ᠲᠤ ᠬᠤᠭᠤᠯᠠ ᠤᠮᠳᠠᠭᠠᠨ ᠤ ᠦᠢᠯᠡᠴᠢᠯᠡᠭᠡ ᠬᠠᠨᠭ᠍ᠭᠠᠪᠡ     ᠦᠳᠡ ᠶᠢᠨ ᠡᠮᠦᠨᠡᠬᠢ 10 ᠴᠠᠭ ᠬᠠᠭᠠᠰ ᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠬᠤᠷᠴᠢᠨ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠲᠤ ᠳᠤᠭᠤᠭᠠᠴᠢ ᠨᠠᠷ ᠶᠠᠭᠠᠷᠠᠯᠲᠠᠶ ᠠᠵᠢᠯᠯᠠᠵᠤ᠂ ᠠᠮᠳᠠᠳᠦ ᠨᠤᠭᠤᠭ᠎ᠠ ᠵᠠᠭᠤᠰᠢ ᠪᠠᠨ ᠵᠠᠯᠭᠠᠭᠠᠪᠡᠷ ᠰᠢᠷᠡᠭᠡᠨ ᠳᠤ ᠭᠠᠷᠭᠠᠪᠠ᠃ ︽ᠪᠢᠳᠡ ᠡᠳᠦᠷ ᠪᠦᠷᠢ 20 ᠵᠦᠢᠯ ᠤᠨ ᠨᠣᠭᠤᠭ᠎ᠠ ᠪᠠᠯᠠᠳᠬᠡᠵᠥ᠂ ᠬᠦᠮᠦᠨ ᠪᠦᠷᠢ ᠠᠴᠠ 15 ᠲᠦᠬᠦᠷᠢᠭ ᠬᠤᠷᠢᠶᠠᠵᠦ ᠪᠤᠢ᠃ ᠡᠬᠦᠨ ᠳᠤ 60 ᠨᠠᠰᠤᠨ ᠠᠴᠠ 89 ᠨᠠᠰᠤᠨ ᠤ ᠬᠤᠭᠤᠷᠤᠠᠳᠤᠬᠢ ᠨᠠᠰᠤᠳᠡᠨ ᠢ ᠲᠤᠤᠷ᠎ᠠ ᠥᠨ᠎ᠠ ᠪᠠᠷ ᠢᠳᠡᠭᠦᠯᠵᠥ᠂ 90 ᠨᠠᠰᠤᠨ ᠠᠴᠠ ᠳᠡᠭᠡᠭᠰᠢᠬᠢ ᠨᠠᠰᠤᠲᠠᠨ ᠳᠤ ᠨᠢᠭᠡ ᠴᠠᠭ ᠤᠨ ᠬᠤᠭᠤᠯᠠ ᠶᠢ ᠰᠦᠢᠳᠭᠡᠯ ᠬᠤᠷᠢᠶᠠᠬᠤ ᠦᠭᠡᠶ ᠪᠠᠷ ᠢᠳᠡᠬᠦᠯᠵᠦ ᠪᠤᠢ︾ ᠭᠡᠵᠦ ᠬᠤᠷᠴᠢᠨ ᠨᠡᠶᠢᠭᠡᠮ ᠲᠣᠭᠤᠷᠢᠭ ᠤᠨ ᠵᠣᠯ ᠵᠢᠷᠭᠠᠯᠲᠤ ᠬᠤᠭᠤᠯᠠᠨ ᠬᠡᠷ ᠤᠨ ᠬᠠᠷᠢᠭᠤᠴᠠᠯᠭᠠᠲᠠᠨ ᠳ᠋ᠦᠩ ᠸᠧᠶ ᠳ᠋ᠠᠨ ᠵᠤᠯ ᠵᠢᠷᠭᠠᠯᠳᠦ ᠬᠤᠭᠤᠯᠠᠨ ᠭᠡᠷ ᠤᠨ ᠢᠶᠠᠨ ᠡᠵᠡᠩᠨᠡᠯᠳᠠ ᠶᠢᠨ ᠪᠠᠶᠢᠳᠡᠯ ᠢᠶᠠᠨ ᠲᠠᠨᠢᠯᠴᠠᠭᠤᠯᠤᠯ᠎ᠠ᠃      ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠰᠦᠪᠡᠭᠴᠢᠯᠡᠬᠦ ᠶᠢᠨ ᠲᠥᠯᠥᠭᠡ᠂ ᠬᠢᠩᠭᠠᠨ ᠠᠶᠢᠮᠠᠭ ᠬᠤᠭᠤᠯᠠᠯᠠᠬᠤ ᠦᠢᠯᠡᠴᠢᠯᠡᠭᠡ ᠬᠠᠨᠭ᠍ᠭᠠᠬᠤ ︽ᠨᠢᠭᠡ ᠴᠣᠭᠴᠠᠲᠤ ᠮᠠᠰᠢᠨ︾ ᠤ ᠬᠡᠷᠡᠭᠯᠡᠯᠲᠡ ᠶᠢ ᠳᠡᠯᠭᠡᠷᠡᠭᠦᠯᠵᠦ᠂ ︽ᠨᠢᠭᠡ ᠴᠣᠭᠴᠠᠲᠤ ᠮᠠᠰᠢᠨ︾ ᠳᠤ ᠬᠥᠮᠦᠨ ᠤ ᠵᠢᠰᠦ ᠴᠢᠷᠠᠶ ᠶᠢᠨ ᠮᠡᠳᠡᠭᠡ ᠵᠠᠩᠭᠢ ᠶᠢ ᠣᠷᠣᠭᠤᠯᠤᠨ᠂ ᠰᠢᠭᠤᠳ ᠵᠢᠰᠦ ᠴᠢᠷᠠᠢ ᠪᠠᠨ ᠰᠢᠷᠪᠢᠨ ᠬᠤᠭᠤᠯᠠᠯᠠᠵᠦ ᠪᠤᠯᠬᠤ ᠶᠢ ᠪᠡᠶᠡᠯᠡᠬᠦᠯᠪᠡ᠃ ᠡᠭᠦᠨ ᠤ ᠬᠠᠮᠲᠤ᠂ ᠰᠦᠯᠵᠢᠶᠡᠨ ᠵᠢᠵᠢᠭ ᠫᠷᠤᠭ᠍ᠷᠠᠮ ᠢᠶᠠᠷ ᠨᠠᠰᠤᠲᠠᠶᠢᠴᠤᠳ ᠤᠨ ᠭᠡᠷ ᠢᠶᠠᠷ ᠬᠤᠭᠤᠯᠠ ᠬᠦᠷᠭᠡᠬᠦ ᠶᠢ ᠪᠡᠶᠡᠯᠡᠭᠦᠯᠵᠦ᠂ ᠬᠠᠷᠠᠭᠠᠯᠵᠠᠯ ᠤᠨ ᠦᠢᠯᠡᠴᠢᠯᠡᠭᠡ ᠶᠢ ᠠᠳᠠᠯᠢ ᠲᠡᠭᠰᠢ ᠪᠠᠷ ᠭᠥᠷᠳᠡᠭᠡᠵᠦ ᠪᠤᠢ᠃ ᠬᠢᠩᠭᠠᠨ ᠠᠶᠢᠮᠠᠭ ᠪᠠᠰᠠ ︽ᠪᠡᠶ᠎ᠡ ᠶᠢᠨ ᠭᠠᠷᠤᠯ ᠢᠶᠠᠨ ᠳᠤᠳᠤᠷᠬᠠᠶᠢᠯᠠᠭᠤᠯᠤᠨ ᠬᠠᠷᠠᠭᠠᠯᠵᠠᠯ ᠭᠥᠷᠳᠡᠬᠦ︾ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠵᠢᠰᠦ ᠴᠢᠷᠠᠢ ᠰᠢᠷᠪᠢᠬᠤ ᠲᠥᠬᠦᠭᠡᠷᠦᠮᠵᠢ ᠬᠡᠷᠡᠭᠯᠡᠬᠦ ᠳᠤᠷ᠎ᠠ ᠥᠬᠡᠶ ᠪᠤᠶᠤ ᠬᠡᠷᠡᠭᠯᠡᠵᠦ ᠴᠢᠳᠠᠬᠤ ᠥᠬᠡᠶ ᠨᠠᠰᠤᠲᠠᠶᠢᠴᠤᠳ ᠲᠤ ᠴᠢᠭᠯᠡᠭᠦᠯᠦᠨ᠂ ᠪᠡᠶ᠎ᠡ ᠶᠢᠨ ᠦᠨᠡᠮᠯᠡᠯ ᠢᠶᠠᠨ ᠭᠠᠷᠭᠠᠨ ᠢᠯᠭᠠᠨ ᠳᠤᠳᠤᠯᠠᠬᠤ ᠲᠦᠬᠦᠮ ᠦᠢᠯᠡᠴᠢᠯᠡᠭᠡ ᠦᠵᠡᠬᠦᠯᠦᠭᠰᠡᠨ ᠪᠠᠶᠢᠨ᠎ᠠ᠃ 2024 ᠣᠨ ᠠᠴᠠ ᠨᠠᠭᠠᠰᠢ᠂ ᠪᠥᠬᠦ ᠠᠶᠢᠮᠠᠭ ᠤᠨ ᠨᠠᠰᠤᠲᠠᠶᠢᠴᠤᠳ ᠤᠨ ᠬᠤᠭᠤᠯᠠ ᠤᠮᠳᠠᠭᠠᠨ ᠤ ᠲᠠᠯᠠᠪᠤᠷ ᠤᠳ ᠨᠡᠶᠢᠲᠡ 39 ᠲᠦᠮᠡᠨ ᠬᠥᠮᠦᠨ ᠤᠳᠠᠭ᠎ᠠ ᠳᠤ ᠦᠢᠯᠡᠴᠢᠯᠡᠭᠡ ᠬᠦᠷᠳᠡᠭᠡᠪᠡ᠃     ᠨᠠᠰᠤᠳᠠᠶᠢᠴᠤᠳ ᠲᠤ ᠬᠠᠶᠢᠷ᠎ᠠ ᠬᠠᠯᠠᠮᠵᠢ ᠬᠦᠷᠳᠡᠭᠡᠪᠡ     ︽ᠤᠷᠴᠢᠮᠬᠠᠨ ᠳᠠᠨ ᠤ ᠪᠡᠶ᠎ᠠ ᠮᠠᠬᠠᠪᠤᠳ ᠤᠨ ᠪᠠᠶᠢᠳᠡᠯ ᠵᠦᠭᠡᠷ ᠤᠤ︖ ᠠᠮᠢᠳᠤᠷᠠᠯ ᠤᠨ ᠲᠠᠯ᠎ᠠ ᠪᠠᠷ ᠶᠡᠮᠠᠷ ᠬᠦᠴᠢᠷᠳᠡᠯᠳᠠᠢ ᠪᠤᠢ︖ ᠤᠴᠢᠷ ᠲᠠᠢ ᠪᠣᠯ ᠮᠠᠨᠤᠰ ᠲᠠᠢ ᠬᠠᠷᠢᠯᠴᠠᠭᠠᠷᠠᠢ ᠁︾ ᠭᠡᠵᠦ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠤᠨ ᠭᠡᠰᠢᠬᠦᠳ ᠨᠠᠰᠤᠳᠠᠶᠢᠴᠤᠳ ᠤᠨ ᠡᠷᠦᠭᠡ ᠪᠠᠷ ᠬᠦᠨᠵᠡᠭᠡᠶᠢᠷᠡᠨ ᠠᠰᠠᠭᠤᠨ ᠰᠤᠷᠠᠬᠯᠠᠨ᠎ᠠ᠃ ᠲᠠᠳᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠷᠦᠭᠡ ᠪᠠ ᠭᠠᠴᠠᠭ᠎ᠠ ᠲᠣᠰᠬᠤᠨ ᠵᠡᠭᠡᠯᠢ ᠭᠤᠳᠤᠮᠵᠢ ᠪᠠᠷ ᠶᠠᠪᠤᠵᠤ᠂ ᠣᠨᠴᠠ ᠬᠦᠴᠢᠷᠳᠡᠯᠲᠡᠶ ᠨᠠᠰᠤᠲᠠᠶᠢᠴᠤᠳ ᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠨ ᠦᠵᠡᠵᠦ᠂ ᠳᠡᠳᠡᠨᠡᠷ ᠤᠨ ᠠᠮᠢᠳᠤᠷᠠᠯ ᠤᠨ ᠪᠠᠶᠢᠳᠠᠯ᠂ ᠡᠷᠡᠭᠦᠯ ᠮᠡᠨᠳᠦ ᠶᠢᠨ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠨᠠᠰᠤᠲᠠᠶᠢᠴᠤᠳ ᠤᠨ ᠠᠮᠢᠳᠤᠷᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠥᠢᠯᠠᠭᠠᠬᠤ ᠶᠢᠨ ᠬᠠᠮᠲᠤ ᠵᠣᠬᠢᠬᠤ ᠬᠠᠪᠰᠤᠷᠤᠯᠭ᠎ᠠ ᠦᠵᠡᠭᠦᠯᠵᠦ ᠪᠤᠢ᠃2024 ᠣᠨ ᠳᠤ᠂ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠪᠦᠬᠦ ᠠᠶᠢᠮᠠᠬ ᠤᠨ ᠨᠠᠰᠤᠳᠠᠶᠢᠴᠤᠳ ᠲᠤ ᠬᠠᠶᠢᠷ᠎ᠠ ᠬᠠᠯᠠᠮᠵᠢ ᠬᠠᠪᠰᠤᠷᠤᠯᠭ᠎ᠠ ᠳᠠᠮᠵᠢᠯᠭᠡ ᠦᠵᠡᠬᠦᠯᠬᠦ ᠠᠵᠢᠯᠯᠠᠭ᠎ᠠ ᠪᠠᠷ ᠦᠨᠳᠦᠰᠦᠯᠡᠯ ᠪᠤᠯᠭᠠᠨ᠂ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠢ ᠰᠢᠨ᠎ᠡ ᠪᠠᠷ 1013 ᠪᠠᠶᠢᠭᠤᠯᠤᠬᠰᠠᠨ ᠪᠠᠶᠢᠨ᠎ᠠ᠃ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠨᠢ ᠭᠠᠴᠠᠭ᠎ᠠ ︵ᠨᠡᠶᠢᠭᠡᠮ ᠲᠣᠭᠤᠷᠢᠭ︶ ᠶᠢᠨ ︽ᠬᠤᠶᠠᠷ ᠵᠥᠪᠯᠡᠯ︾ ᠤᠨ ᠭᠡᠰᠢᠬᠦᠳ᠂ ᠬᠤᠳᠠᠯᠳᠤᠭᠠᠨ ᠤ ᠭᠠᠵᠠᠷ ᠤᠨ ᠡᠵᠡᠩᠨᠡᠭᠴᠢ᠂ ᠡᠷᠡᠭᠦᠯ ᠬᠠᠮᠠᠭᠠᠯᠠᠯ ᠤᠨ ᠲᠠᠰᠤᠭ ᠤᠨ ᠠᠵᠢᠯᠳᠡᠨ᠂ ᠬᠤᠭᠤᠯᠠᠨ ᠭᠡᠷ ᠤᠨ ᠦᠢᠯᠡᠴᠢᠯᠡᠭᠴᠢ᠂ ᠨᠠᠮ ᠤᠨ ᠭᠡᠰᠢᠭᠦᠨ᠂ ᠳᠤᠤᠷᠵᠢᠭᠤᠯᠤᠬᠴᠢ᠂ ᠰᠠᠶᠢᠨ ᠳᠤᠷᠠᠴᠤᠤᠯ ᠢᠶᠠᠷ ᠪᠦᠷᠢᠯᠳᠦᠵᠦ᠂ ᠳᠤᠭᠤᠶᠢᠯᠠᠩ ᠪᠦᠷᠢ ᠳᠤ 5 ᠠᠴᠠ 7 ᠬᠥᠮᠦᠨ ᠲᠠᠢ ᠃ ᠭᠠᠷᠠᠭ ᠪᠦᠷᠢ ᠨᠢᠭᠡ ᠤᠳᠠᠭ᠎ᠠ ᠡᠷᠬᠢᠨ ᠦᠵᠡᠬᠦ ᠠᠵᠢᠯᠯᠠᠭ᠎ᠠ ᠥᠷᠨᠢᠭᠦᠯᠵᠦ᠂ ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠨᠠᠰᠤᠲᠠᠶᠢᠴᠤᠳ ᠤᠨ ᠠᠮᠢᠳᠤᠷᠠᠯ ᠤᠨ ᠪᠠᠶᠢᠳᠡᠯ᠂ ᠬᠡᠷ ᠪᠦᠯᠢ ᠶᠢᠨ ᠠᠰᠠᠷᠠᠨ ᠲᠡᠵᠢᠭᠡᠬᠦ᠂ ᠬᠠᠯᠠᠮᠵᠢᠯᠠᠨ ᠬᠠᠪᠰᠤᠷᠴᠦ ᠪᠠᠶᠢᠭ᠎ᠠ ᠪᠠᠶᠢᠳᠠᠯ ᠢ ᠠᠰᠠᠭᠤᠨ ᠯᠠᠪᠯᠠᠵᠤ ᠦᠨᠡᠯᠡᠨ ᠵᠢᠱᠢᠯᠲᠡ ᠬᠢᠵᠦ᠂ ᠭᠤᠤᠯᠳᠠᠯᠭ᠎ᠠ ᠲᠠᠢ ᠵᠦᠢᠯ ᠤᠳ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠬᠤᠭᠤᠯᠠ ᠤᠮᠳᠠ᠂ ᠪᠡᠶ᠎ᠡ ᠤᠬᠢᠶᠠᠯᠭ᠎ᠠ᠂ ᠠᠷᠢᠭᠤᠨ ᠴᠡᠪᠡᠷ᠂ ᠡᠮᠴᠢᠯᠡᠭᠡ ᠰᠤᠪᠢᠯᠠᠯᠳᠠ᠂ ᠪᠠᠴᠢᠮ ᠪᠠᠶᠢᠳᠠᠯ᠂ ᠶᠠᠪᠤᠵᠤ ᠰᠠᠭᠤᠬᠤ ᠵᠡᠷᠭᠡ ︽ᠵᠢᠷᠭᠤᠭ᠎ᠠ ᠶᠢ ᠲᠤᠰᠠᠯᠠᠬᠤ︾ ᠦᠢᠯᠡᠴᠢᠯᠡᠭᠡᠨ ᠳᠤ ᠢᠳᠡᠪᠬᠢᠲᠡᠶ ᠣᠷᠣᠯᠴᠠᠭᠤᠯᠪᠠ᠃      ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠪᠤᠤ ᠳ᠋ᠧ ᠹᠦ᠋ ᠲᠣᠰᠬᠤᠨ ᠤ ᠭᠠᠭᠴᠠᠭᠠᠷ ᠢᠶᠠᠨ ᠠᠮᠢᠳᠤᠷᠠᠵᠤ ᠪᠠᠶᠢᠭ᠎ᠠ ᠨᠠᠰᠤᠲᠠᠨ ᠪᠦᠦ ᠮᠧᠩ ᠨᠠᠨ ᠪᠤᠯ ᠠᠮᠢᠳᠤᠷᠠᠯ ᠨᠢ ᠶᠠᠳᠠᠭᠤ ᠬᠦᠴᠢᠷᠳᠠᠯᠳᠠᠢ ᠮᠦᠷᠳᠡᠭᠡᠨ ᠶᠠᠰᠤᠨ ᠤ ᠥᠮᠡᠨ ᠳᠤ ᠨᠡᠷᠪᠡᠭᠳᠡᠵᠦ᠂ ᠬᠥᠳᠡᠯᠵᠦ ᠪᠠᠷᠢᠬᠤ ᠳᠤ ᠳᠥᠭᠦᠮ ᠦᠭᠡᠢ᠃ ᠡᠨᠡᠬᠦ ᠪᠠᠶᠢᠳᠡᠯ ᠳᠤ ᠴᠢᠭᠯᠡᠬᠦᠯᠤᠨ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠳᠡᠬᠦᠨ ᠢ ᠬᠠᠪᠰᠤᠷᠤᠨ ᠬᠠᠮᠢᠶ᠎ᠠ ᠪᠥᠬᠦᠶ ᠮᠠᠲ᠋ᠧᠷᠢᠶᠠᠯ ᠢ ᠪᠡᠯᠡᠳᠭᠡᠵᠦ᠂ ᠲᠣᠰᠬᠤᠨ ᠵᠢᠴᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠤᠭᠰᠠᠨ ᠤ ᠳᠠᠷᠠᠭ᠎ᠠ᠂ ᠪᠤᠤ ᠮᠸᠡᠭ ᠨᠠᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠠᠷ ᠬᠦᠢᠴᠡᠳᠭᠡᠯ ᠢ ᠨᠢ ᠭᠦᠢᠴᠡᠳᠭᠡᠵᠦ ᠥᠭᠪᠡ᠃ ᠲᠦᠴᠢᠦᠸᠠᠨ ᠰᠢᠶᠠᠨ ᠤ ᠱᠦᠢ ᠴᠢᠦᠸᠠᠨ ᠪᠠᠯᠭᠠᠰᠤᠨ ᠤ ᠢᠦᠢ ᠪᠦᠦ ᠴᠢᠦᠸᠠᠨ ᠨᠠᠰᠤᠲᠠᠨ ᠲᠠᠮᠪᠠᠷᠠᠵᠤ᠂ ᠶᠠᠪᠤᠵᠦ ᠰᠠᠭᠤᠵᠦ ᠳᠡᠶᠢᠯᠬᠦ ᠦᠭᠡᠢ᠂ ᠡᠩ ᠤᠨ ᠦᠶ᠎ᠡ ᠳᠤ ᠬᠥᠭᠰᠢᠨ ᠨᠢ ᠬᠠᠷᠠᠭᠠᠯᠵᠠᠳᠠᠭ᠂ ᠡᠬᠦᠨ ᠳᠤ ᠱᠦᠢ ᠴᠢᠦᠸᠠᠨ ᠪᠠᠯᠭᠠᠰᠤᠨ ᠤ ᠠᠵᠢᠯᠲᠠᠳ ᠦᠷᠭᠦᠯᠵᠢ ᠨᠠᠰᠤᠲᠠᠨ ᠢ ᠡᠷᠬᠢᠨ ᠦᠵᠡᠵᠦ᠂ ᠨᠠᠰᠤᠲᠠᠨ ᠳᠤ ᠢᠲᠡᠭᠡᠯ ᠣᠯᠭᠤᠵᠤ᠂ ᠬᠠᠶᠢᠷ᠎ᠠ ᠬᠠᠯᠠᠮᠵᠢ ᠬᠠᠪᠰᠤᠷᠤᠯᠭ᠎ᠠ ᠳᠡᠮᠵᠢᠯᠭᠡ ᠦᠵᠡᠬᠦᠯᠦᠭᠰᠡᠨ ᠶᠤᠮ ᠁     ᠠᠷᠠᠳ ᠲᠦᠮᠡᠨ ᠳᠤ ᠥᠨᠳᠥᠷ ᠶᠠᠰᠤ ᠴᠢᠨᠠᠷ ᠲᠠᠢ ᠠᠮᠢᠳᠤᠷᠠᠯ ᠢ ᠡᠳ᠋ᠯᠡᠬᠦᠯᠬᠦ ᠭᠡᠪᠡᠯ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠤ ︽ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ︾ ᠢ ᠪᠠᠲᠤ ᠰᠠᠬᠢᠬᠤ ᠪᠠᠷ ᠪᠠᠷᠠᠬᠤ ᠦᠭᠡᠢ ᠪᠠᠰᠠ ᠳᠡᠳᠡᠨᠡᠷ ᠤᠨ ︽ᠵᠣᠯ ᠵᠢᠷᠭᠠᠯᠳᠦ ᠲᠦᠷᠦᠭᠳᠡᠯ︾ ᠢ ᠨᠡᠮᠡᠭᠳᠡᠬᠦᠯᠬᠦ ᠭᠡᠷᠡᠭᠳᠠᠢ᠃ ᠵᠢᠯ ᠤᠨ ᠡᠬᠢᠨ ᠠᠴᠠ ᠨᠠᠭᠠᠰᠢ᠂ ᠬᠢᠩᠭᠠᠨ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠶᠢᠨ ︽ᠠᠰᠠᠷᠠᠨ ᠲᠡᠵᠢᠭᠡᠬᠦ ᠬᠠᠮᠲᠤ ᠶᠢᠨ ᠴᠣᠭᠴᠠ︾ ᠶᠢᠨ ᠬᠠᠷᠢᠯᠴᠠᠨ ᠬᠠᠪᠰᠤᠷᠤᠯᠴᠠᠬᠤ ᠳᠤᠭᠤᠶᠢᠯᠠᠩ ᠨᠡᠶᠢᠲᠡ 18272 ᠤᠳᠠᠭ᠎ᠠ ᠶᠢᠨ ᠦᠢᠯᠡᠴᠢᠯᠡᠭᠡ ᠶᠢ ᠥᠷᠨᠢᠭᠦᠯᠪᠡ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠲᠠᠢ ᠤᠶᠠᠯᠳᠤᠭᠤᠯᠤᠨ᠂ 3799 ᠨᠠᠰᠤᠲᠠᠡ ᠢ ᠠᠪᠤᠷᠠᠨ ᠲᠤᠰᠠᠯᠠᠵᠤ᠂ ᠠᠪᠤᠷᠠᠨ ᠲᠤᠰᠠᠯᠠᠭᠰᠠᠨ ᠵᠣᠭᠤᠰ ᠤᠨ ᠲᠤᠭ᠎ᠠ 502.93 ᠲᠦᠮᠡᠨ ᠲᠥᠭᠦᠷᠢᠭ ᠲᠤ ᠬᠥᠷᠪᠡ᠃     ︽ᠣᠶᠤᠨᠴᠢ ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠭᠡ ᠶᠢ ᠡᠳ᠋ᠯᠡᠬᠦᠯᠪᠡ     ︽ᠲᠠ ᠰᠠᠶᠢᠨ ᠦᠦ᠂ ᠪᠢ ᠪᠣᠯ ᠤᠯᠠᠭᠠᠨᠬᠤᠲᠠ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠠᠵᠢᠯᠳᠡᠨ᠂ ᠲᠠ ᠪᠡᠶ᠎ᠠ ᠤᠬᠢᠶᠠᠯᠭ᠎ᠠ ᠶᠢᠨ ᠦᠢᠯᠡᠴᠢᠯᠡᠭᠡ ᠶᠢ ᠤᠷᠢᠳᠴᠢᠯᠠᠨ ᠪᠣᠯᠵᠣᠬᠤ ᠭᠡᠵᠦ ᠪᠠᠶᠢᠨ᠎ᠠ ᠤᠤ︖ ᠪᠢᠳᠡ ᠠᠯᠢ ᠲᠦᠷᠭᠡᠨ ᠢᠶᠠᠷ ᠲᠠᠨ ᠳᠤ ᠲᠣᠬᠢᠷᠠᠭᠤᠯᠵᠤ ᠥᠭᠭᠦᠶ᠎ᠡ︾ ᠭᠡᠵᠦ ᠤᠯᠠᠭᠠᠨᠬᠤᠲᠠ ᠶᠢᠨ ᠤᠶᠤᠨᠴᠢ ᠨᠠᠰᠤᠵᠢᠯ ᠤᠨ ᠠᠰᠠᠷᠠᠮᠵᠢ ᠶᠢᠨ ᠲᠣᠬᠢᠷᠠᠭᠤᠯᠤᠨ ᠵᠢᠯᠣᠭᠤᠳᠬᠤ ᠲᠥᠪ ᠤᠨ ᠠᠵᠢᠯᠲᠠᠡ ᠬᠠᠯᠠᠮᠰᠢᠯ ᠤᠲᠠᠰᠤ ᠶᠢ ᠳᠤᠰᠤᠨ ᠨᠠᠰᠤᠲᠠᠶᠢᠴᠤᠳ ᠤᠨ ᠭᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ ᠦᠢᠯᠡᠴᠢᠯᠡᠭᠡ ᠬᠠᠨᠭ᠍ᠭᠠᠨ᠎ᠠ᠃     ︽ᠪᠢ ᠭᠠᠭᠴᠠᠭᠠᠷ ᠢᠶᠠᠨ ᠠᠮᠢᠳᠤᠷᠠᠵᠦ ᠪᠠᠶᠢᠭ᠎ᠠ ᠪᠣᠯᠬᠤᠷ ᠭᠡᠷ ᠵᠠᠭᠤᠷ᠎ᠠ ᠶᠢᠨ ᠠᠵᠢᠯ ᠢᠶᠠᠨ ᠬᠢᠵᠦ ᠵᠠᠪᠳᠤᠬᠤ ᠦᠭᠡᠢ᠂ ᠦᠷᠬᠦᠯᠵᠢ 96111 ᠬᠠᠯᠠᠮᠰᠢᠯ ᠤᠲᠠᠰᠤ ᠪᠠᠷ ᠬᠠᠪᠰᠤᠷᠤᠮᠵᠢ ᠭᠤᠶᠤᠴᠢᠯᠠᠳᠠᠬ᠃ ᠦᠢᠯᠡᠴᠢᠯᠡᠭᠡᠨ ᠤ ᠠᠵᠢᠯᠳᠡᠳ ᠴᠤ ᠲᠡᠷᠡ ᠳᠠᠷᠤᠶ ᠬᠦᠷᠴᠦ ᠢᠷᠡᠵᠦ᠂ ᠦᠢᠯᠡᠴᠢᠯᠡᠭᠡ ᠬᠠᠪᠰᠤᠷᠤᠮᠵᠢ ᠦᠵᠡᠬᠦᠯᠳᠡᠭ︾ ᠭᠡᠵᠦ ᠤᠯᠠᠭᠠᠨᠬᠤᠲᠠ ᠶᠢᠨ ᠰᠠᠭᠤᠭᠠᠯᠢ ᠠᠷᠠᠳ ᠾᠧ ᠸᠧᠨ ᠰᠢᠶᠠ ᠶᠠᠷᠢᠵᠦ ᠪᠠᠶᠢᠯ᠎ᠠ᠃     ︽96111 ᠬᠠᠯᠠᠮᠰᠢᠯ ᠤᠲᠠᠰᠤ ᠨᠡᠪᠲᠡᠷᠡᠭᠰᠡᠨ ᠠᠴᠠ ᠨᠠᠭᠠᠰᠢ᠂ ᠨᠢᠭᠡᠨᠳᠡ ᠮᠠᠰᠢ ᠤᠯᠠᠨ ᠨᠠᠰᠤᠳᠠᠠ ᠳᠤ ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃ ᠨᠠᠰᠤᠲᠠᠶᠢᠴᠤᠳ ᠤᠨ ᠬᠠᠷᠢᠭᠤ ᠲᠤᠰᠬᠠᠯ ᠮᠠᠰᠢ ᠰᠠᠶᠢᠨ᠂ ᠮᠦᠨ ᠴᠤ ᠪᠠᠰᠠ ᠪᠢᠳᠡᠨ ᠳᠤ ᠡᠳᠦᠶ ᠲᠡᠳᠦᠶ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠪᠢᠳᠡ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠥᠷᠭᠡᠳᠭᠡᠵᠦ᠂ ᠦᠢᠯᠡᠴᠢᠯᠡᠭᠡ ᠬᠠᠪᠰᠤᠷᠤᠮᠵᠢ ᠪᠠᠨ ᠨᠠᠩ ᠰᠢᠯᠢᠳᠡᠭᠵᠢᠬᠦᠯᠵᠦ ᠪᠤᠢ︾ ᠭᠡᠵᠦ ᠤᠯᠠᠭᠠᠨᠬᠤᠲᠠ ᠶᠢᠨ ᠨᠠᠰᠤᠵᠢᠯ ᠤᠨ ᠠᠰᠠᠷᠠᠮᠵᠢ ᠶᠢᠨ ᠲᠤᠬᠢᠷᠠᠭᠤᠯᠤᠨ ᠵᠢᠯᠣᠭᠤᠳᠬᠤ ᠤᠶᠤᠨᠴᠢ ᠲᠥᠪ ᠤᠨ ᠠᠵᠢᠯᠳᠠᠨ ᠯᠢᠦ ᠵᠦᠩ ᠯᠢ ᠶᠠᠷᠢᠯ᠎ᠠ᠃     ᠨᠠᠰᠤᠲᠠᠶᠢᠴᠤᠳ ᠲᠤ ᠦᠢᠯᠡᠴᠢᠯᠡᠬᠦ 96111 ᠬᠠᠯᠠᠮᠰᠢᠯ ᠤᠲᠠᠰᠤ ᠪᠣᠯ ᠠᠶᠢᠮᠠᠭ ᠬᠤᠰᠢᠭᠤ ᠬᠤᠶᠠᠷ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠢᠭᠡᠳ ᠭᠤᠷᠪᠠᠳᠤᠭᠠᠷ ᠲᠠᠯ᠎ᠠ ᠶᠢᠨ ᠬᠠᠮᠲᠤᠷᠠᠨ ᠨᠡᠪᠲᠡᠷᠡᠭᠦᠯᠦᠭᠰᠡᠨ ᠬᠥᠮᠦᠨ ᠤ ᠬᠦᠴᠦᠨ ᠤ ᠦᠢᠯᠡᠴᠢᠯᠡᠭᠡ ᠪᠣᠯᠤᠨ᠎ᠠ᠃ ᠳᠡᠷᠡ ᠨᠢ ᠡᠳᠦᠷ ᠪᠦᠷᠢ ᠶᠢᠨ 08᠄ 00 — 12᠄ 00᠂ 14᠄ 00 — 18᠄ 00 ᠴᠠᠬ ᠤᠨ ᠬᠤᠭᠤᠷᠣᠨᠳᠣ ᠬᠢᠩᠭᠠᠨ ᠠᠶᠢᠮᠠᠭ ᠤᠨ ᠬᠢᠯᠢ ᠳᠣᠲᠣᠷᠠᠬᠢ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠯᠠᠪᠯᠠᠯᠲᠠ ᠶᠢ ᠭᠥᠯᠢᠶᠡᠨ ᠠᠪᠴᠤ ᠰᠢᠢᠳᠪᠦᠷᠢᠯᠡᠬᠦ ᠪᠤᠯᠤᠨ᠎ᠠ᠃ ᠦᠢᠯᠡᠴᠢᠯᠡᠭᠡᠨ ᠤ ᠬᠠᠯᠠᠮᠰᠢᠯ ᠤᠲᠠᠰᠤ ᠨᠢ ᠬᠢᠩᠭᠠᠨ ᠠᠶᠢᠮᠠᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡᠨ ᠤ ᠤᠶᠤᠨᠴᠢ ᠲᠠᠪᠴᠠᠩ ᠳ᠋ᠠᠢ ᠬᠤᠯᠪᠤᠯᠳᠤᠨ ᠨᠡᠪᠳᠡᠷᠡᠯᠴᠡᠵᠦ᠂ ᠨᠠᠰᠤᠲᠠᠶᠢᠴᠤᠳ ᠲᠤ ᠲᠦᠷᠦ ᠶᠢᠨ ᠪᠤᠳᠤᠯᠭ᠎ᠠ ᠶᠢᠨ ᠯᠠᠪᠯᠠᠯᠭ᠎ᠠ᠂ ᠮᠡᠳᠡᠭᠡ ᠵᠠᠩᠭᠢ ᠶᠢᠨ ᠯᠠᠪᠯᠠᠯᠲᠠ᠂ ᠲᠤᠬᠠᠶᠢᠯᠠᠭᠰᠠᠨ ᠠᠵᠢᠯ ᠤᠨ ᠭᠦᠢᠴᠡᠳᠭᠡᠯ᠂ ᠪᠣᠯᠵᠣᠭᠠᠲᠤ ᠦᠢᠯᠡᠴᠢᠯᠡᠭᠡ᠂ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠡᠷᠡᠭᠦᠯ ᠮᠡᠨᠳᠦ ᠶᠢᠨ ᠬᠠᠮᠢᠶᠠᠷᠤᠯᠲᠠ᠂ ᠰᠣᠶᠣᠯ ᠴᠡᠩᠭᠡᠯ ᠰᠤᠷᠭᠠᠨ ᠬᠥᠮᠦᠵᠢᠯ ᠵᠡᠷᠭᠡ ᠪᠦᠬᠦ ᠲᠠᠯ᠎ᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠡᠶᠡᠯᠡᠭᠦᠯᠳᠡᠭ᠃     ᠣᠳᠣᠬᠠᠨ ᠳᠤ᠂ ᠬᠢᠩᠭᠠᠨ ᠠᠶᠢᠮᠠᠭ ᠤᠨ ᠨᠠᠰᠤᠲᠠᠶᠢᠴᠤᠳ ᠲᠤ ᠦᠢᠯᠡᠴᠢᠯᠡᠬᠦ 96111 ᠬᠠᠯᠠᠮᠰᠢᠯ ᠤᠲᠠᠰᠤ ᠬᠤᠰᠢᠭᠤ ᠰᠢᠶᠠᠨ ᠬᠤᠳᠠ ᠶᠢᠨ ᠬᠡᠪᠴᠢᠶᠡᠨ ᠳᠤ ᠪᠦᠬᠦᠨ ᠢᠶᠠᠷ ᠢᠶᠠᠨ ᠨᠡᠪᠲᠡᠷᠡᠵᠡᠢ᠃ 6 ᠬᠤᠰᠢᠭᠤ ᠰᠢᠶᠠᠨ ᠬᠤᠲᠠ ᠶᠢᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠳᠣᠭᠢᠷᠠᠭᠤᠯᠤᠨ ᠵᠢᠯᠣᠭᠤᠳᠬᠤ ᠲᠥᠪ ᠢ ᠪᠦᠬᠦᠨ ᠢ ᠠᠰᠢᠭᠯᠠᠯᠲᠠ ᠳᠤ ᠣᠷᠣᠭᠤᠯᠵᠤ᠂ ︽1 + 6︾ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠳᠤᠰᠤᠨ ᠦᠢᠯᠡᠴᠢᠯᠡᠬᠦ᠂ ᠠᠰᠠᠭᠤᠳᠡᠯ ᠳᠤ ᠬᠠᠷᠢᠭᠤ ᠥᠭᠬᠦ ᠶᠢ ᠪᠡᠶᠡᠯᠡᠭᠦᠯᠵᠦ᠂ ᠬᠢᠩᠭᠠᠨ ᠠᠶᠢᠮᠠᠭ ᠤᠨ ︽ᠢᠨᠲ᠋ᠧᠷ ᠰᠦᠯᠵᠢᠶ᠎ᠡ + ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠬᠤ ᠪᠠᠷ ᠬᠦᠴᠦᠯᠡᠨ ᠴᠢᠷᠮᠠᠶᠢᠬᠤ ᠴᠢᠬᠤᠯᠠ ᠠᠷᠭ᠎ᠠ ᠬᠡᠮᠵᠢᠶ᠎ᠡ ᠪᠣᠯᠤᠬᠰᠠᠨ ᠪᠠᠶᠢᠨ᠎ᠠ᠃     ︽ᠬᠢᠩᠭᠠᠨ ᠠᠶᠢᠮᠠᠭ ᠤᠨ ᠪᠦᠬᠦᠯᠢ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠨᠢ ᠪᠥᠬᠦ ᠠᠶᠢᠮᠠᠭ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ 18% ᠶᠢ ᠡᠵᠡᠯᠡᠵᠦ᠂ ᠨᠠᠰᠤᠵᠢᠯ ᠤᠨ ᠳᠤᠮᠳᠠ ᠱᠠᠲᠤᠨ ᠳᠤ ᠣᠷᠣᠰᠢᠵᠤ ᠪᠣᠶ᠂ ᠵᠠᠯᠭᠠᠭᠠᠳ ᠪᠢᠳᠡ ︿ᠬᠡᠷᠡᠭᠴᠡᠭᠡ ᠱᠠᠭᠠᠷᠳᠠᠯᠭ᠎ᠠ ᠶᠢ ᠡᠵᠡᠮᠰᠢᠬᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠠᠪᠴᠠᠩ ᠪᠠᠶᠢᠭᠤᠯᠬᠤ᠂ ᠬᠤᠯᠪᠣᠯᠲᠠ ᠶᠢ ᠰᠠᠶᠢᠲᠤᠷ ᠬᠢᠬᠦ﹀ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠷ ᠪᠦᠯᠢ᠂ ᠨᠡᠶᠢᠭᠡᠮ ᠲᠣᠭᠤᠷᠢᠭ᠂ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠨᠠᠩ ᠰᠠᠶᠢᠲᠤᠷ ᠪᠣᠶ ᠪᠣᠯᠭᠠᠵᠤ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ︾ ᠭᠡᠵᠦ ᠬᠢᠩᠭᠠᠨ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠵᠢᠶᠦ᠋ᠨ ᠶᠠᠷᠢᠯ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号