ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/29
     9 ᠰᠠᠷ᠎ᠠ ᠶᠢᠨ 27 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠤ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ ᠰᠠᠶᠢᠲᠤᠷ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠨᠡᠨ ᠬᠦ  ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠳᠤ ᠬᠤᠯᠪᠣᠭᠳᠠᠬᠤ ᠬᠦᠷᠢᠶᠡᠨ ᠳᠠᠬᠢ ᠠᠰᠠᠭᠤᠳᠠᠯ ᠳᠤ ᠭᠤᠣᠯ ᠤᠳᠤᠷᠢᠳᠤᠯᠭ᠎ᠠ ᠡᠯ᠎ᠡ ᠵᠦᠢᠯ ᠤᠨ ᠠᠵᠢᠯ ᠢ ᠰᠠᠶᠢᠲᠤᠷ ᠲᠤᠬᠢᠷᠠᠭᠤᠯᠤᠨ ᠪᠠᠶᠢᠷᠢᠯᠠᠭᠤᠯᠬᠤ ᠬᠡᠷᠡᠭᠲᠡᠢ᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠨᠢᠭᠡᠳᠦᠯᠲᠡᠶ ᠲᠥᠯᠥᠪᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠭᠤᠤᠯᠳᠠᠯᠭ᠎ᠠ ᠶᠢ ᠠᠳᠬᠤᠨ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠦᠳᠲᠡᠷ ᠲᠦᠷᠭᠡᠨ ᠥᠷᠨᠢᠭᠦᠯᠵᠦ᠂ ᠠᠰᠠᠭᠤᠳᠠᠯ ᠢ ᠡᠴᠦᠰ ᠲᠤᠨᠢ ᠲᠤᠯᠲᠠᠯ᠎ᠠ ᠥᠭᠡᠷᠡᠴᠢᠯᠡᠬᠦ᠂ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠡᠢ᠃    ᠬᠤᠷᠠᠯ ᠠᠴᠠ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠂ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号