ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/9/29
    ᠰᠢᠨᠬᠤᠸᠠ ᠬᠤᠷᠢᠶ᠎ᠠ ᠶᠢᠨ  ᠪᠡᠭᠡᠵᠢᠩ ᠤᠨ 9 ᠰᠠᠷ᠎ᠠ ᠶᠢᠨ 26 ᠤ ᠴᠠᠭᠢᠯᠭᠠᠨ ᠮᠡᠳᠡᠭᠡ    ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠤᠯᠤᠰ ᠲᠥᠷᠥ ᠶᠢᠨ ᠲᠤᠪᠴᠢᠶ᠎ᠠ 9 ᠰᠠᠷ᠎ᠠ ᠶᠢᠨ 26 ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠲᠤᠮᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠠᠢ᠃     ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠯᠠᠪᠳᠠᠭᠤᠨ ᠢᠶᠠᠷ ᠠᠷᠭᠠᠴᠠᠭᠠᠨ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠨ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠲᠤᠲᠠᠢ ᠡᠷᠴᠢᠮᠲᠡᠢ ᠪᠣᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠳᠡᠪᠬᠢᠲᠡᠢ ᠠᠬᠢᠴᠠ ᠲᠠᠢ ᠪᠣᠯᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠳᠠᠯ ᠢᠶᠠᠨ ᠪᠠᠲᠤᠯᠠᠪᠠ ᠭᠡᠵᠦ ᠦᠵᠡᠪᠡ᠃    ᠬᠤᠷᠠᠯ ᠠᠴᠠ᠂ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠳᠠᠯ ᠵᠢᠴᠢ ᠵᠠᠬ᠎ᠠ ᠳᠡᠯᠭᠡᠭᠦᠷ ᠥᠷᠭᠡᠨ ᠰᠠᠷᠠᠭᠤᠯ ᠪᠠᠶᠢᠵᠤ᠂ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ ᠵᠡᠷᠭᠡ ᠠᠰᠢᠭᠲᠠᠢ ᠨᠥᠬᠦᠴᠡᠯ ᠬᠤᠪᠢᠷᠠᠭᠰᠠᠨ ᠦᠭᠡᠢ ᠶᠤᠮ᠃ ᠡᠭᠦᠨ ᠤ ᠵᠡᠷᠭᠡ ᠪᠠᠷ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠵᠠᠷᠢᠮ ᠰᠢᠨ᠎ᠡ ᠪᠠᠶᠢᠳᠠᠯ ᠪᠠ ᠠᠰᠠᠭᠤᠳᠠᠯ ᠭᠠᠷᠴᠤ ᠪᠤᠢ᠃ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠪᠦᠭᠦ ᠲᠠᠯ᠎ᠠ ᠪᠠᠷ ᠪᠤᠰᠤᠳᠴᠢ ᠪᠠᠷ ᠯᠠᠪᠳᠠᠭᠤᠨ ᠲᠣᠭᠲᠠᠭᠤᠨ ᠢᠶᠠᠷ ᠬᠠᠨᠳᠤᠵᠤ᠂ ᠬᠦᠴᠢᠷᠳᠡᠯ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠶᠢ ᠠᠳᠬᠤᠨ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠥᠭᠡᠴᠡ ᠲᠦᠷᠦ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠤᠨ᠂ ᠬᠡᠮᠵᠢᠶ᠎ᠡ ᠶᠢ ᠨᠡᠮᠡᠭᠳᠡᠭᠦᠯᠬᠦ ᠲᠦᠷᠦ ᠶᠢᠨ ᠪᠣᠳᠣᠯᠭ᠎ᠠ ᠶᠢ ᠬᠦᠴᠦᠯᠡᠨ ᠲᠣᠭᠲᠠᠭᠠᠵᠤ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠳ᠋ ᠤᠨ ᠵᠠᠰᠠᠭ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠥᠷᠭᠡᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠴᠢᠬᠤᠯᠠ ᠪᠦᠬᠦᠢ ᠡᠳ᠋ ᠤᠨ ᠵᠠᠰᠠᠭ ᠤᠨ ᠵᠠᠷᠤᠯᠭ᠎ᠠ ᠶᠢ ᠪᠠᠲᠤᠯᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠤᠯᠤᠰ ᠤᠨ ᠭᠡᠳᠦ ᠤᠷᠳᠤ ᠬᠤᠭᠤᠴᠠᠭᠠᠲᠤ ᠤᠨᠴᠠᠭᠠᠢ ᠵᠢᠭᠡᠯᠡᠯᠭᠡ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢ ᠰᠠᠶᠢᠲᠤᠷ ᠲᠠᠷᠬᠠᠭᠠᠵᠤ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠬᠡᠯ ᠵᠣᠭᠤᠰ ᠤᠨ ᠨᠤᠷᠮ᠎ᠠ ᠶᠢ ᠪᠠᠭᠤᠷᠠᠭᠤᠯᠵᠤ᠂ ᠬᠦᠦ ᠮᠥᠩᠭᠦ ᠶᠢ ᠬᠦᠴᠦᠲᠡᠢ ᠪᠠᠭᠤᠷᠠᠭᠤᠯᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠤᠯᠬᠤ ᠶᠢ ᠠᠬᠢᠭᠤᠯᠵᠤ᠂ ᠲᠠᠸᠠᠷ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠳᠤ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠨᠥᠭᠡᠴᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠵᠦ᠂ ︽ᠢᠲᠡᠭᠡᠮᠵᠢᠲᠦ ᠡᠷᠦᠭᠡ︾ ᠶᠢᠨ ᠲᠥᠷᠥᠯ ᠵᠦᠢᠯ ᠤᠨ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠤᠨ ᠂ ᠰᠤᠯᠠ ᠲᠠᠯᠪᠢᠭᠳᠠᠵᠤ ᠪᠠᠶᠢᠭ᠎ᠠ ᠨᠥᠭᠡᠴᠡ ᠭᠠᠵᠠᠷ ᠰᠢᠷᠣᠢ ᠶᠢ ᠠᠮᠢᠳᠤᠯᠢᠭᠵᠢᠭᠤᠯᠬᠤ ᠶᠢ ᠳᠡᠮᠵᠢᠬᠦ ᠬᠡᠷᠡᠭᠲᠡᠢ᠃ ᠣᠯᠠᠨ‌‍ᠲ᠋ᠦ᠋ᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠨᠥᠭᠡᠴᠡ ᠭᠡᠷ ᠪᠠᠶᠢᠰᠢᠩ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠵᠤ᠂ ᠭᠠᠵᠠᠷ ᠰᠢᠷᠣᠢ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢ ᠱᠠᠯᠠᠪᠳᠠᠨ ᠲᠡᠭᠦᠯᠳᠡᠷᠵᠢᠭᠦᠯᠵᠦ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ ᠬᠥᠭᠵᠢᠭᠡᠵᠦ᠂ ᠳᠤᠮᠳᠠ ᠣᠷᠳᠣ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠶᠡᠭᠡ ᠪᠠᠷ ᠬᠥᠲᠥᠯᠥᠨ ᠵᠢᠯᠤᠭᠤᠳᠴᠤ᠂ ᠨᠡᠶᠢᠭᠡᠮ ᠤᠨ ᠳᠠᠭᠠᠳᠬᠠᠯ᠂ ᠳᠠᠭᠠᠳᠬᠠᠯ᠂ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠲᠦᠭᠵᠢᠷᠡᠯ ᠴᠡᠭ ᠢ ᠰᠢᠯᠤᠭᠤᠳᠬᠠᠬᠤ ᠬᠡᠷᠡᠭᠲᠡᠢ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠨᠡᠶᠢᠯᠡᠭᠦᠯᠦᠨ ᠠᠪᠴᠤ ᠳᠠᠭᠢᠨ ᠪᠠᠶᠢᠭᠤᠯᠬᠤ ᠶᠢ ᠳᠡᠮᠵᠢᠵᠦ᠂ ᠢᠯᠡ ᠪᠠᠷ ᠴᠤᠭᠯᠠᠭᠤᠯᠬᠤ ᠰᠠᠭᠤᠷᠢ ᠮᠥᠩᠭᠦ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠳᠤᠮᠳᠠ ᠪᠠᠭ᠎ᠠ ᠪᠡᠯᠡ ᠣᠷᠣᠭᠤᠯᠤᠭᠴᠢᠳ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠠᠬᠢᠭᠤᠯᠬᠤ ᠬᠠᠤᠯᠢ ᠶᠢ ᠲᠣᠭᠲᠠᠭᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠡᠷᠡᠭᠯᠡᠭᠡᠨ ‍ᠤ‌‍ᠪᠦ᠋ᠲᠦᠴᠡ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠮᠠᠶ᠋ᠢᠭ ᠤᠨ ᠬᠡᠷᠡᠭᠯᠡᠭᠡᠨ ᠤ ᠡᠵᠡᠩᠨᠡᠯᠲᠡ ᠶᠢᠨ ᠭᠡᠯᠪᠡᠷᠢ ᠶᠢ ᠪᠤᠶᠢᠵᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠵᠤ ᠦᠢᠯᠡᠰ ᠢ ᠬᠥᠭᠵᠢᠭᠦᠯᠬᠦ ᠶᠢ ᠳᠡᠮᠵᠢᠨ ᠵᠢᠷᠤᠮᠵᠢᠭᠤᠯᠵᠤ᠂ ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠱᠠᠯᠠᠪᠳᠠᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠪᠡᠯᠡ ᠮᠥᠩᠭᠦ ᠣᠷᠣᠭᠤᠯᠤᠨ ᠠᠪᠴᠢᠷᠠᠵᠤ ᠪᠡᠯᠡ ᠮᠥᠩᠭᠦ ᠶᠢ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠱᠠᠯᠠᠪᠳᠠᠭᠤᠯᠤᠨ ᠠᠬᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠰᠢᠨ᠎ᠡ ᠲᠡᠭᠦᠰᠬᠦ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ᠂ ᠬᠥᠯᠥᠰᠦᠨ ᠲᠠᠷᠢᠶᠠᠴᠢᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠠᠵᠢᠯ ᠲᠠᠢ ᠬᠥᠮᠥᠨ ᠦᠭᠡᠢ ᠭᠡᠷ ᠪᠦᠯᠢ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠨᠠᠰᠤ ᠠᠬᠢᠭᠰᠠᠨ᠂ ᠵᠡᠮᠳᠡᠭ᠂ ᠨᠡᠯᠢᠶᠡᠳ ᠤᠷᠳᠤ ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠬᠤ ᠬᠡᠷᠡᠭᠲᠡᠢ᠃ ᠣᠷᠣᠯᠭ᠎ᠠ ᠪᠠᠭᠠᠲᠠᠢ ᠬᠥᠮᠥᠨ ᠠᠮᠠ ᠶᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠬᠤ‌‍ᠬᠡᠷᠡᠭᠲᠡᠢ᠃ ᠢᠳᠡᠭᠡᠨ ᠪᠠ ᠤᠰᠤ ᠴᠠᠭᠢᠯᠭᠠᠨ ᠬᠡᠢ ᠢᠯᠴᠢ ᠵᠡᠷᠭᠡ ᠴᠢᠬᠤᠯᠠ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠮᠤ ᠪᠤᠳᠠᠭ᠎ᠠ ᠪᠠ ᠲᠠᠷᠢᠶᠠᠯᠠᠩ ᠤᠨ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠠᠯᠠᠮᠵᠢᠯᠠᠨ᠂ ᠨᠠᠮᠤᠷ ᠡᠪᠦᠯ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠲᠦᠮᠡᠨ ᠤ ᠵᠣᠷᠢᠭ ᠨᠢᠭᠡᠳᠪᠡᠯ ᠲᠡᠮᠦᠷ ᠬᠡᠷᠡᠮ ᠮᠡᠲᠦ ᠪᠣᠯᠵᠤ ᠪᠦᠯᠬᠦᠮᠳᠡᠨ ᠨᠢᠭᠲᠠᠷᠠᠵᠤ᠂ ᠪᠦᠭᠦ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠴᠢᠳᠠᠪᠤᠷᠢ ᠪᠠᠨ ᠳᠡᠭᠡᠭᠰᠢᠯᠡᠭᠦᠯᠵᠦ᠂ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠬᠥᠮᠥᠨ ᠰᠣᠩᠭᠤᠵᠤ ᠬᠥᠮᠥᠨ ᠬᠡᠷᠡᠭᠯᠡᠬᠦ ᠵᠦᠭᠯᠡᠭᠦᠷ ᠢ ᠰᠠᠶᠢᠲᠤᠷ ᠪᠤᠢ ᠪᠤᠯᠭᠠᠵᠤ᠂ ︽ᠭᠤᠷᠪᠠ ᠶᠢ ᠢᠯᠭᠠᠨ ᠦᠵᠡᠬᠦ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ ᠶᠢᠨ ᠲᠥᠯᠥᠭᠡ ᠬᠠᠷᠢᠭᠤᠴᠠᠵᠤ᠂ ᠠᠵᠢᠯ ᠶᠠᠪᠤᠳᠠᠯ ᠬᠢᠭᠴᠢ ᠶᠢᠨ ᠲᠥᠯᠥᠭᠡ ᠲᠦᠰᠢᠭ ᠪᠤᠯᠬᠤ ᠬᠡᠷᠡᠭᠲᠡᠢ᠃ ᠠᠵᠤ ᠠᠬᠤᠢ ᠶᠢᠨ ᠶᠡᠭᠡ ᠮᠤᠵᠢ ᠶᠢᠨ ᠴᠢᠬᠤᠯᠠ ᠡᠭᠦᠷᠭᠡ ᠶᠢ ᠡᠭᠦᠷᠭᠡᠯᠡᠵᠦ᠂ ᠳᠠᠶᠢᠴᠢᠯᠠᠬᠤ ᠪᠠ ᠲᠤᠯᠭᠠᠭᠤᠷᠢᠯᠠᠬᠤ ᠦᠢᠯᠡᠳᠦᠯ ᠵᠶ᠋ᠠᠨ‌ᠨᠡᠩ ᠰᠠᠶᠢᠲᠤᠷ ᠪᠠᠳᠠᠷᠠᠭᠤᠯᠬᠤ ᠶᠢ ᠳᠡᠮᠵᠢᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号