ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠵᠣᠯᠭᠠᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/9/4
      9 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠯᠢ ᠬᠤᠸᠠ ᠨᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠵᠣᠯᠭᠠᠭᠤᠯᠬᠤ ᠶᠠᠷᠢᠯᠴᠠᠬᠤ ᠬᠤᠷᠠᠯ ᠬᠢᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠮᠧᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠵᠠᠩ ᠵᠢᠶᠦ᠋ᠨ ᠢᠦᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠵᠠᠢ      ᠶᠠᠷᠢᠯᠴᠠᠬᠤ ᠬᠤᠷᠠᠯ ᠳᠡᠭᠡᠷ᠎ᠡ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠬᠡᠷᠬᠢᠨ ᠴᠢᠩᠭᠠᠳᠬᠠᠬᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ ᠬᠡᠷᠬᠢᠨ ᠠᠬᠢᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠸᠠᠩ ᠮᠧᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠲᠠᠷᠢᠶᠠᠯᠠᠩ ᠤᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠷᠢᠨ ᠲᠠᠨᠢᠯᠴᠠᠭᠤᠯᠪᠠ᠃ ᠡᠭᠦᠨ ᠤ ᠬᠠᠮᠲᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠠᠭ ᠬᠥᠭᠵᠢᠯᠲᠡ ᠪᠠᠨ ᠲᠦᠷᠭᠡᠳᠬᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠲᠠᠰ ᠳᠡᠪᠰᠢᠭᠦᠯᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠰᠢᠨ᠎ᠡ ᠪᠠᠶᠢᠳᠠᠯ ᠢ ᠬᠠᠮᠲᠤ ᠪᠠᠷ ᠡᠭᠦᠳᠦᠨ ᠨᠡᠭᠡᠭᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠯᠢ ᠬᠤᠸᠠ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠰ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠠᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠩ ᠬᠦᠴᠦᠲᠡᠢ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠨ᠎ᠠ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号