9 ᠰᠠᠷ᠎ᠠ ᠶᠢᠨ 5 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠡᠮᠡᠭᠲᠡᠶᠢᠴᠦᠳ ᠤᠨ | ᠬᠦᠴᠦᠨ ᠢ ᠨᠢᠭᠲᠠᠷᠠᠭᠤᠯᠵᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠶ᠎ᠠ︾ ᠭᠡᠬᠦ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠭᠤᠣᠯ | ᠰᠡᠳᠦᠪᠲᠦ ᠡᠮᠡᠭᠲᠡᠢ ᠺᠠᠳ᠋ᠷᠴᠤᠳ ᠤᠨ ᠶᠠᠷᠢᠯᠴᠠᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠳᠠᠷᠤᠭ᠎ᠠ ᠯᠢᠦ ᠬᠠᠢ ᠲᠤᠸ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠪᠥᠸᠧ ᠨᠠᠷ ᠬᠤᠷᠠᠯ ᠳᠤ ᠣᠷᠣᠯᠴᠠᠵᠠᠢ᠃ | ᠶᠠᠷᠢᠯᠴᠠᠬᠤ ᠬᠤᠷᠠᠯ ᠳᠡᠭᠡᠷ᠎ᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠹᠷᠣᠨᠲ ᠠᠴᠠ | ᠢᠷᠡᠭᠰᠡᠨ 34 ᠡᠮᠡᠭᠲᠡᠢ ᠺᠠᠳ᠋ᠷ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ | ᠲᠠᠨᠢᠯᠲᠠ ᠪᠠ ᠣᠶᠢᠯᠠᠭᠠᠯᠲᠠ᠂ ᠥᠪᠡᠷ ᠥᠪᠡᠷ ᠤᠨ ᠠᠵᠢᠯ ᠲᠦᠷᠤᠯ ᠤᠨ ᠢᠶᠠᠨ ᠪᠠᠶᠢᠭ᠎ᠠ ᠬᠦᠷᠢᠶᠡᠨ ᠳᠠᠬᠢ | ᠬᠥᠭᠵᠢᠯᠲᠡ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠵᠡᠷᠭᠡ | ᠲᠠᠯ᠎ᠠ ᠪᠠᠷ ᠶᠠᠷᠢᠶ᠎ᠠ ᠲᠠᠯᠪᠢᠵᠠᠢ᠃ | ᠯᠢᠦ ᠬᠠᠢ ᠲᠤᠸ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠦᠢᠯᠡᠳᠦᠯᠭᠡ ᠶᠢᠨ ᠳᠤᠮᠳᠠ᠂ ᠥᠷᠭᠡᠨ ᠣᠯᠠᠨ ᠡᠮᠡᠭᠲᠡᠢ ᠨᠥᠬᠦᠳ ᠭᠠᠷᠮᠠᠭᠠᠢ ᠬᠤᠪᠢ | ᠨᠡᠮᠡᠷᠢ ᠦᠵᠡᠭᠦᠯᠵᠦ᠂ ᠡᠮᠡᠭᠲᠡᠶᠢᠴᠦᠳ ᠤᠨ ᠮᠤᠬᠤᠰᠢ ᠦᠭᠡᠢ ᠲᠡᠮᠡᠴᠡᠬᠦ ᠬᠠᠷᠢᠭᠤᠴᠠᠯᠭ᠎ᠠ ᠪᠠ ᠵᠢᠳᠬᠦᠯ | ᠴᠢᠷᠮᠠᠶᠢᠯᠭ᠎ᠠ ᠶᠢ ᠢᠯᠡᠷᠡᠭᠦᠯᠦᠭᠰᠡᠨ ᠪᠠᠶᠢᠨ᠎ᠠ᠃ ᠯᠢᠦ ᠬᠠᠢ ᠲᠤᠸ ᠴᠢᠬᠤᠯᠠᠴᠢᠯᠠᠭᠰᠠᠨ ᠨᠢ᠂ ᠥᠷᠭᠡᠨ ᠣᠯᠠᠨ ᠡᠮᠡᠭᠲᠡᠢ | ᠺᠠᠳ᠋ᠷ ᠤᠯᠠᠮ ᠨᠢᠭᠡ ᠠᠯᠬᠤᠮ ᠤᠯᠤᠰ ᠲᠥᠷᠥ ᠶᠢ ᠡᠷᠬᠢᠮᠯᠡᠵᠦ᠂ ᠶᠡᠭᠡ ᠲᠠᠯ᠎ᠠ ᠶᠢ ᠬᠠᠷᠠᠭᠠᠯᠵᠠᠨ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ᠠᠵᠢᠯ ᠠᠮᠢᠳᠤᠷᠠᠯ ᠳᠤᠮᠳᠠ ᠪᠠᠨ ᠬᠤᠪᠢ ᠬᠥᠮᠥᠨ ᠤ | ᠦᠨ᠎ᠡ ᠥᠷᠲᠡᠭ ᠢᠶᠠᠨ ᠭᠦᠢᠴᠡᠳ ᠪᠡᠶᠡᠯᠡᠭᠦᠯᠵᠦ᠂ ᠦᠷᠭᠦᠯᠵᠢᠯᠡᠨ ᠬᠤᠰᠢᠭᠤᠨ ᠤ ᠨᠠᠮ ᠤᠨ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠦᠢᠯᠡᠳᠦᠯ ᠪᠠᠳᠠᠷᠠᠭᠤᠯᠵᠤ᠂ ᠨᠠᠩ | ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ |