| 1 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ ᠪᠥᠬᠦ ᠭᠡᠰᠢᠭᠦᠳ ᠤᠨ ︵ | ᠦᠷᠭᠡᠳᠭᠡᠭᠰᠡᠨ︶ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ᠃ | ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠨᠠᠮ ᠤᠨ ᠬᠤᠷᠢᠶᠠᠨ ᠤ ᠱᠦᠵᠢ ᠰᠦᠨ ᠱᠦ ᠲᠤᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠬᠤᠷᠠᠯ ᠳᠤ ᠠᠵᠢᠯ ᠤᠨ ᠮᠡᠳᠡᠭᠦᠯᠦᠯᠳᠡ ᠬᠢᠵᠦ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠯᠢᠦ ᠬᠠᠶ ᠲᠤᠤ ᠬᠤᠷᠠᠯ ᠢ ᠡᠷᠭᠢᠯᠡᠵᠦ᠂ ᠸᠠᠩ ᠵᠢᠶᠠ ᠪᠥᠸᠧ᠂ ᠶᠤᠸᠠᠢ ᠰᠥᠩ ᠱᠠᠨ᠂ ᠨᠢᠤ ᠶᠤᠸᠠᠨ᠂ | ᠬᠤᠸᠠᠩ ᠮᠠᠨ ᠯᠢᠶᠠᠩ᠂ ᠸᠠᠩ ᠮᠧᠩ᠂ ᠶᠠᠩ ᠤᠯᠠᠭᠠᠨ᠂ ᠯᠢᠦ ᠢᠦᠶ ᠪᠥᠸᠧ᠂ ᠮᠠ ᠨᠢᠩ᠂ ᠯᠢ ᠶᠣᠣ ᠵᠢᠶᠧ᠂ ᠶᠣᠣ | ᠢᠦᠶ ᠰᠧᠨ᠂ ᠸᠠᠩ ᡁᠢ ᠪᠢᠶᠤᠤ᠂ ᠵᠢᠶᠠᠩ ᠪᠸᠢ ᠫᠢᠩ ᠵᠡᠷᠭᠡ ᠬᠤᠰᠢᠭᠤᠨ ᠤ ᠤᠳᠤᠷᠢᠳᠤᠯᠭ᠎ᠠ ᠨᠠᠷ ᠬᠤᠷᠠᠯ ᠳᠤ | ᠣᠷᠣᠯᠴᠠᠵᠠᠶ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠂ ᠭᠤᠤᠯ ᠰᠢᠵᠢᠮ ᠢ ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠪᠣᠳᠠᠲᠠᠶ ᠪᠠᠷ ᠠᠳᠬᠤᠵᠤ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠰᠢᠨ᠎ᠡ ᠦᠷ᠎ᠡ | ᠪᠦᠲᠦᠮᠵᠢ ᠣᠯᠤᠭᠰᠠᠨ ᠪᠠᠶᠢᠨ᠎ᠠ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠤᠨ ᠪᠤᠯᠤᠨ᠎ᠠ᠂ ᠪᠠᠰᠠ ᠴᠤ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠰᠠᠶᠢᠨ ᠡᠬᠢᠯᠡᠯᠲᠡ ᠳᠤ ᠪᠠᠲᠤ ᠰᠠᠭᠤᠷᠢ ᠲᠠᠯᠪᠢᠬᠤ ᠵᠠᠩᠭᠢᠯᠠᠭ᠎ᠠ ᠶᠢᠨ ᠤᠨ ᠪᠤᠯᠤᠨ᠎ᠠ᠃ ᠪᠦᠬᠦ ᠬᠤᠰᠢᠭᠤ ᠪᠠᠷ ᠢᠶᠠᠨ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ᠂ ᠣᠷᠣᠨ᠂ ᠠᠶᠢᠮᠠᠭ ᠤᠨ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠨᠢᠭᠡ ᠭᠤᠤᠯ ᠰᠢᠵᠢᠮ︾ | ᠢ ᠪᠥᠬᠦ ᠲᠠᠯ᠎ᠠ ᠪᠠᠷ ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠦᠷᠭᠦᠯᠵᠢᠯᠡᠨ ᠰᠠᠶᠢᠲᠤᠷ ᠬᠢᠵᠦ᠂ ︽ | ᠵᠢᠷᠭᠤᠭᠠᠨ ᠢᠨᠵᠧᠨᠧᠷᠢᠩ︾ ᠢ ᠵᠠᠯᠭᠠᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ︽ᠲᠠᠪᠤᠨ ᠨᠢᠭᠡᠳᠦᠭᠡᠷ︾ ᠤᠨ ᠠᠵᠢᠯ ᠤᠨ ᠣᠨᠣᠯᠵᠢᠬᠤᠨ ᠢ ᠪᠠᠷᠢᠮᠲᠠᠯᠠᠨ᠂ ︽ᠮᠣᠩᠭᠤᠯ ᠮᠣᠷᠢᠨ ᠤ | ᠵᠣᠷᠢᠭ ᠰᠠᠨᠠᠭ᠎ᠠ︾ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠯᠠᠪᠳᠠᠭᠤᠨ ᠪᠠᠲᠤᠲᠠᠶ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠦᠷᠦᠯ ᠵᠦᠢᠯ ᠢᠶᠠᠷ ᠭᠤᠣᠯ ᠪᠣᠯᠭᠠᠬᠤ᠂ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠭᠤᠣᠯ | ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ | ᠪᠠᠳᠠᠷᠠᠭᠤᠯᠬᠤ ᠬᠡᠷᠡᠭᠲᠡᠢ᠃ ᠲᠦᠷᠦᠯ ᠵᠦᠢᠯ ᠤᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠰᠠᠶᠢᠲᠤᠷ | ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢ ᠲᠡᠷᠢᠭᠦᠨ ᠴᠢᠬᠤᠯᠠ ᠡᠭᠦᠷᠭᠡ | ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ︽ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ︾ | ᠶᠢ ᠰᠠᠶᠢᠲᠤᠷ ᠬᠢᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠡᠬᠢᠯᠡᠭᠦᠯᠵᠦ᠂ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠠᠴᠠ ᠡᠮᠦᠨᠡᠬᠢ ᠨᠤᠲᠠᠯᠠᠯᠲᠠ ᠶᠢᠨ ᠠᠵᠢᠯ ᠢ | ᠰᠠᠶᠢᠲᠤᠷ ᠬᠢᠬᠦ ᠬᠡᠷᠡᠭᠲᠡᠢ᠃ ᠲᠥᠷᠥᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠤᠰᠢᠭᠤᠨ | ᠳᠡᠰ ᠤᠨ ᠤᠳᠤᠷᠢᠳᠤᠯᠭ᠎ᠠ ᠴᠢᠬᠤᠯᠠ ᠶᠡᠭᠡ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠶ᠃ ᠣᠨᠴᠠᠯᠢᠭ ᠢᠶᠠᠷ ᠬᠥᠲᠥᠯᠥᠨ ᠳᠠᠭᠠᠭᠤᠯᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ ᠶᠢ ᠲᠦᠷᠭᠡᠳᠬᠡᠬᠦ ᠬᠡᠷᠡᠭᠲᠡᠶ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠪᠣᠯᠤᠨ ᠠᠮᠤ | ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ | 390 ᠲᠦᠮᠡᠨ ᠮᠦ ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠤᠨᠠᠯᠲᠠ ᠶᠢ 30 ᠳ᠋ᠦᠩᠰᠢᠭᠤᠷ ᠵᠢᠩ ᠠᠴᠠ | ᠳᠡᠭᠡᠭᠰᠢ ᠪᠠᠶᠢᠯᠭᠠᠬᠤ ᠶᠢ ᠪᠠᠲᠤᠯᠠᠵᠤ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠦᠨᠳᠦᠰᠦᠨ ᠦᠨ᠎ᠡ ᠶᠢ | ᠲᠣᠭᠲᠠᠪᠤᠷᠢᠵᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠳᠠᠬᠢᠯᠲᠠ ᠡᠬᠢ ᠪᠠᠶᠠᠯᠢᠭ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ᠂ | ᠤᠶᠢᠷ᠎ᠠ ᠤᠭᠳᠠᠷᠭᠤᠢ ᠶᠢᠨ ᠠᠵᠤ ᠠᠬᠤᠢ᠂ ᠠᠭᠤᠷᠬᠠᠢ ᠶᠢᠨ ᠭᠠᠷᠤᠯᠲᠠ ᠶᠢ ᠨᠡᠭᠡᠭᠡᠨ ᠠᠰᠢᠭᠯᠠᠬᠤ ᠵᠡᠷᠭᠡ | ᠬᠦᠷᠢᠶ᠎ᠡ ᠶᠢᠨ ᠲᠣᠭᠤᠷᠢᠨ ᠳᠤ᠂ ᠠᠵᠤ ᠦᠢᠯᠡᠰ ᠤᠨ ︽ᠬᠦᠷᠢᠶᠡᠯᠡᠩ ᠳᠠᠬᠢ ᠬᠦᠷᠢᠶᠡᠯᠡᠩ︾ ᠢ ᠰᠢᠨᠵᠢᠯᠡᠬᠦ | ᠤᠬᠠᠭᠠᠨᠴᠢ ᠪᠠᠷ ᠰᠦᠪᠡᠭᠴᠢᠯᠡᠵᠦ᠂ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠢᠩᠭᠠᠨ ᠠᠶᠢᠮᠠᠭ ᠤᠨ ︽ᠳᠡᠯᠡᠬᠡᠢ ᠶᠢᠨ ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ︾ ᠢ ᠪᠠᠶᠢᠭᠤᠯᠬᠤ | ᠠᠵᠢᠯ ᠤᠨ ᠪᠠᠶᠢᠷᠢᠯᠠᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠮᠢ ᠠᠬᠤᠢ ᠶᠢᠨ ᠵᠢᠭᠤᠯᠴᠢᠯᠠᠯ᠂ | ᠮᠠᠯᠴᠢᠨ ᠡᠷᠦᠬᠡ ᠶᠢᠨ ᠵᠢᠭᠤᠯᠴᠢᠯᠠᠯ᠂ ᠰᠤᠳᠤᠯᠭᠠᠨ ᠰᠤᠷᠤᠯᠴᠠᠯᠭ᠎ᠠ ᠶᠢᠨ ᠵᠢᠭᠤᠯᠴᠢᠯᠠᠯ᠂ ᠰᠥᠨᠢ ᠶᠢᠨ ᠵᠢᠭᠤᠯᠴᠢᠯᠠᠯ | ᠢᠶᠠᠷ ᠭᠤᠣᠯᠳᠠᠯᠭ᠎ᠠ ᠪᠣᠯᠭᠠᠭᠰᠠᠨ ᠤᠯᠠᠨ ᠡᠯᠧᠮᠧᠨ᠋ᠲ ᠤᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠰᠲ᠋ᠧᠮ ᠢ | ᠪᠠᠶᠢᠭᠤᠯᠵᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠤᠯᠭᠠᠭᠤᠷᠢᠯᠠᠬᠤ ᠴᠡᠭ ᠢ ᠪᠠᠶᠢᠭᠤᠯᠬᠤ ᠬᠡᠷᠡᠭᠲᠡᠢ᠃ | ᠬᠤᠳᠠᠯᠳᠤᠭ᠎ᠠ ᠠᠷᠠᠯᠵᠢᠶ᠎ᠠ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ᠂ ᠬᠡᠷᠡᠭᠯᠡᠭᠡᠨ ᠤ ᠲᠡᠮᠳᠡᠭᠲᠦ | ᠲᠠᠷᠬᠠᠭᠠᠬᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠴᠠᠭᠠᠨ ᠰᠠᠷ᠎ᠠ ᠶᠢᠨ ᠪᠠᠷᠠᠭᠠᠨ ᠤ ᠨᠠᠶᠢᠷ᠂ ᠮᠠᠰᠢᠨ ᠲᠡᠷᠭᠡᠨ ᠤ ᠦᠵᠡᠭᠦᠯᠭᠡ᠂ ᠲᠠᠷᠢᠶᠠᠯᠠᠩ | ᠤᠨᠪᠦ᠋ᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠭᠦᠯᠭᠡ ᠵᠡᠷᠭᠡ ᠡᠯ᠎ᠡ ᠲᠥᠷᠥᠯ ᠤᠨ ᠪᠣᠷᠣᠯᠠᠭᠤᠯᠭ᠎ᠠ ᠶᠢ | ᠠᠬᠢᠭᠤᠯᠬᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠮᠥᠩᠭᠦᠨ ᠭᠦᠢᠯᠭᠡᠭᠡᠨ ᠤ ᠠᠵᠤ ᠠᠬᠤᠶ ᠶᠢᠨ ᠪᠦᠲᠦᠭᠡᠭᠳᠡᠬᠦᠨ ᠢ | ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠭᠦᠨ ᠠᠭᠤᠳᠠᠯᠵᠤ᠂ | ᠬᠤᠳᠠᠯᠳᠤᠭ᠎ᠠ ᠠᠷᠠᠯᠵᠢᠶ᠎ᠠ ᠶᠢᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠭᠤᠣᠯᠳᠠᠯᠭ᠎ᠠ ᠲᠠᠢ ᠰᠢᠪᠲᠤᠯᠬᠤ᠂ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠠᠷᠢᠮᠲᠠᠯᠠᠵᠤ᠂ | ᠬᠤᠳᠠ ᠬᠥᠳᠡᠭᠡ ᠲᠣᠰᠬᠤᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ︽ᠮᠢᠩᠭ᠎ᠠ ᠲᠦᠮᠡ ᠶᠢᠨ | ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠶᠢᠨ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠣᠯᠤᠨ ︽ᠲᠦᠷᠪᠡᠨ ᠵᠦᠢᠯ ᠤᠨ | ᠠᠵᠢᠯᠯᠠᠭ᠎ᠠ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠶ ᠣᠷᠴᠢᠨ | ᠲᠣᠭᠤᠷᠢᠨ ᠢ ᠬᠠᠮᠠᠭᠠᠯᠠᠬᠤ ᠪᠠᠷ ᠨᠢᠭᠡᠳᠦᠭᠡᠷ ᠤᠷᠢᠲᠠᠯ ᠪᠣᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠪᠠ ᠰᠠᠯᠬᠢᠨ ᠴᠠᠬᠢᠯᠭᠠᠨ ᠭᠡᠷᠡᠯᠴᠢ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ︽ᠤᠰᠤ ᠠᠷᠪᠢᠯᠠᠬᠤ ᠠᠵᠢᠯᠯᠠᠭ᠎ᠠ︾ ᠶᠢ ᠭᠦᠨᠵᠡᠭᠡᠶ ᠠᠬᠢᠭᠤᠯᠬᠤ ᠬᠡᠷᠡᠭᠳᠡᠢ᠃ ᠶᠡᠭᠡ ᠤᠯᠠᠭᠠᠨᠬᠤᠲᠠ ᠶᠢᠨ | ᠲᠣᠭᠤᠷᠢᠭ ᠢ ᠨᠢᠭᠡ ᠴᠤᠭᠴᠠᠵᠢᠭᠤᠯᠤᠨ ᠬᠥᠭᠵᠢᠭᠦᠯᠬᠦ ᠣᠨᠣᠯᠵᠢᠬᠤᠨ ᠢ ᠪᠠᠷᠢᠮᠲᠠᠯᠠᠵᠤ᠂ ᠳᠤᠯᠠᠭᠠᠯᠠᠬᠤ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠠᠷᠠᠳ ᠲᠦᠮᠡᠨ ᠢ ᠳᠡᠭᠡᠳᠦᠯᠡᠬᠦ᠂ ᠥᠨᠢ ᠤᠳᠠᠭᠠᠨ ᠴᠢᠷᠮᠠᠶᠢᠯᠭ᠎ᠠ ᠭᠠᠷᠭᠠᠬᠤ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠨᠡᠩ ᠪᠠᠶᠠᠨ ᠴᠢᠨᠡᠭᠡᠯᠢᠭ ᠪᠣᠯᠭᠠᠬᠤ ᠶᠢ ᠠᠬᠢᠭᠤᠯᠬᠤ ᠬᠡᠷᠡᠭᠲᠡᠢ᠃ ︽ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ︽ᠲᠦᠷᠪᠡᠨ ᠶᠡᠭᠡ ᠠᠵᠢᠯᠯᠠᠭ᠎ᠠ︾᠂ ︽ | ᠵᠢᠷᠭᠤᠭᠠᠨ ᠶᠡᠭᠡ ᠠᠷᠭ᠎ᠠ ᠬᠡᠮᠵᠢᠶ᠎ᠡ︾ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠢᠯ ᠣᠯᠭᠤᠯᠲᠠ | ᠣᠷᠣᠯᠭ᠎ᠠ ᠶᠢᠨ ᠨᠡᠮᠡᠭᠳᠡᠯ ᠢ ᠶᠡᠭᠡ ᠪᠠᠷ ᠠᠬᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠬᠦ ᠪᠠᠷ ᠨᠢᠭᠡᠳᠦᠭᠡᠷ ᠬᠠᠷᠠᠯᠲᠠ ᠪᠠᠨ ᠪᠣᠯᠭᠠᠵᠤ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢ | ᠦᠷᠭᠦᠯᠵᠢᠯᠡᠨ ᠥᠷᠭᠡᠳᠬᠡᠵᠦ᠂ ︽ᠦᠳᠡᠭᠦᠰ ᠨᠢᠯᠬᠠᠰ︾ ᠵᠡᠷᠭᠡ ᠣᠨᠴᠠᠭᠠᠶ ᠬᠠᠮᠲᠤᠯᠢᠭ ᠢ ᠬᠠᠪᠰᠤᠷᠤᠨ ᠲᠡᠳᠬᠦᠵᠦ | ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠨᠢᠭᠲᠠ ᠬᠡᠯᠪᠡᠷᠢ ᠶᠢᠨ ᠬᠤᠰᠢᠭᠤᠨ ᠬᠡᠪᠴᠢᠶᠡᠨ ᠤ ᠡᠮᠨᠡᠯᠭᠡ ᠶᠢᠨ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ | ᠦᠷᠭᠦᠯᠵᠢᠯᠡᠨ ᠪᠠᠲᠤ ᠰᠠᠬᠢᠬᠤ ᠬᠡᠷᠡᠭᠲᠡᠶ᠃ ︽ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ︽ᠠᠷᠪᠠᠨ ᠵᠠᠭᠤ︾ ᠶᠢᠨ ᠢᠨᠵᠧᠨᠧᠷᠢᠩ᠂ ︽ᠰᠣᠶᠣᠯ ᠤᠨ | ᠲᠣᠰᠬᠤᠨ ᠤ ᠳᠠᠷᠤᠭ᠎ᠠ︾ ᠶᠢ ᠬᠥᠳᠡᠭᠡ ᠲᠣᠰᠬᠤᠨ ᠳᠤ ᠬᠦᠷᠭᠡᠬᠦ ᠤᠳᠬ᠎ᠠ ᠤᠷᠠᠯᠢᠭ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠰᠦᠪᠡᠭᠴᠢᠯᠡᠨ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ︽ | ᠲᠦᠷᠪᠡᠳᠦᠭᠡᠷ ᠤᠳᠠᠭᠠᠨ ᠤ ᠨᠡᠶᠢᠳᠡᠮ ᠪᠠᠶᠢᠴᠠᠭᠠᠯᠳᠠ︾ ᠶᠢᠨ ᠠᠵᠢᠯ ᠢ ᠰᠠᠶᠢᠲᠤᠷ ᠬᠢᠵᠦ᠂ ᠰᠣᠶᠣᠯ ᠪᠡᠶ᠎ᠡ ᠶᠢᠨ | ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠬᠡᠷᠡᠭᠲᠡᠢ᠃ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢ | ᠨᠢᠭᠡᠳᠦᠭᠡᠷ ᠬᠠᠷᠢᠭᠤᠴᠠᠯᠭ᠎ᠠ ᠪᠠᠨ ᠪᠣᠯᠭᠠᠵᠤ᠂ ᠬᠤᠰᠢᠭᠤ ᠰᠤᠮᠤ ᠰᠢᠶᠠᠩ ᠪᠠᠯᠭᠠᠰᠤᠨ ᠤ ᠨᠡᠶᠢᠭᠡᠮ ᠤᠨ ᠶᠡᠷᠦᠩᠬᠡᠶᠢᠯᠡᠨ | ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠲᠦᠷᠭᠡᠳᠬᠡᠨ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠠᠮᠤᠷ ᠲᠦᠪᠰᠢᠨ ᠲᠣᠭᠲᠠᠭᠤᠨ ᠢ ᠦᠷᠭᠦᠯᠵᠢᠯᠡᠨ ᠬᠠᠮᠠᠭᠠᠯᠠᠬᠤ ᠬᠡᠷᠡᠭᠲᠡᠶ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠨᠡᠭᠡᠭᠡᠯᠳᠡ ᠶᠢ ᠥᠷᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ ᠶᠢᠨ ᠡᠭᠦᠷᠭᠡ ᠶᠢ ᠬᠦᠴᠦᠯᠡᠨ | ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ ᠢᠶᠠᠨ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠬᠦᠴᠦᠯᠡᠨ ᠰᠢᠯᠢᠳᠡᠭᠵᠢᠭᠦᠯᠵᠦ᠂ ᠣᠷᠣᠨ | ᠪᠦᠰᠡ ᠶᠢᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ | ᠪᠦᠰᠡᠯᠡᠯᠲᠡ ᠰᠢᠪᠲᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠡᠭᠦᠳᠦᠯᠲᠡ ᠶᠢᠨ ᠰᠢᠪᠲᠤᠯᠤᠯᠲᠠ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ︽ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ︾ ᠪᠠᠷ ᠵᠢᠯᠣᠭᠤᠳᠤᠮᠵᠢ ᠪᠣᠯᠭᠠᠵᠤ᠂ ᠨᠢᠭᠡ ᠪᠦᠯᠦᠭ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠬᠤ ᠬᠡᠷᠡᠭᠲᠡᠶ᠃ ᠴᠢᠯᠥᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ︽ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ︾ ᠶᠢ ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ | ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠶᠢ ᠨᠢᠭᠡᠳᠦᠭᠡᠷ ᠠᠵᠢᠯ ᠤᠨ ᠪᠦᠲᠦᠮᠵᠢ ᠪᠣᠯᠭᠠᠵᠤ᠂ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ | ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠭᠦᠨᠵᠡᠭᠡᠶ ᠳᠥᠯᠭᠢᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠷ | ᠢᠯᠡ ᠲᠣᠳᠣ ᠤᠳᠤᠷᠢᠳᠤᠮᠵᠢ ᠪᠣᠯᠭᠠᠵᠤ᠂ ᠡᠯ᠎ᠡ ᠲᠠᠯ᠎ᠠ ᠶᠢᠨ ᠬᠠᠮᠳᠤᠷᠠᠯ ᠬᠦᠴᠦᠨ ᠢ ᠥᠷᠭᠡᠨ ᠢᠶᠠᠷ ᠨᠢᠭᠲᠠᠷᠠᠭᠤᠯᠤᠨ᠂ | ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠢᠲᠡᠭᠡᠯ | ᠵᠣᠷᠢᠭ ᠢᠶᠠᠨ ᠬᠥᠪᠴᠢᠯᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠳᠠ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠳᠡᠢ ᠭᠡᠵᠦ ᠱᠠᠭᠠᠷᠳᠠᠵᠠᠢ︕ |