ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠱᠦ ᠮᠥ ᠭᠸᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/1/14
      ᠣᠶᠢᠷ᠎ᠠ ᠳᠤ᠂ ᠵᠥᠩ ᠯᠢᠩ ᠲᠠᠢ ᠾᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠯᠳᠠᠷ ᠰᠤᠮᠤ ᠶᠢᠨ ᠱᠦ ᠮᠥ ᠭᠸᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠡᠯᠡᠭᠯᠡᠨ ᠬᠦᠷᠭᠡᠭᠰᠡᠨ ᠰᠡᠳᠬᠢᠯ ᠢ ᠳᠤᠯᠠᠭᠠᠴᠠᠭᠤᠯᠬᠤ ᠡᠳ᠋ ᠪᠣᠳᠠᠰ ᠢ ᠪᠠᠷᠠᠭᠠᠨ ᠤ ᠭᠦᠢᠯᠭᠡᠭᠡᠨ ᠤ ᠺᠣᠮᠫᠠᠨᠢ ᠪᠠᠷ ᠳᠠᠮᠵᠢᠭᠤᠯᠤᠨ ᠱᠦ ᠮᠥ ᠭᠸᠦ ᠨᠡᠶᠢᠭᠡᠮ ᠲᠣᠭᠤᠷᠢᠭ ᠲᠤ ᠬᠦᠷᠭᠡᠵᠦ᠂ ᠬᠠᠬᠢᠷ ᠭᠦᠢᠳᠡᠨ ᠡᠪᠦᠯ ᠤᠨ ᠤᠯᠠᠷᠢᠯ ᠳᠤ ᠬᠠᠯᠠᠭᠤᠨ ᠳᠤᠯᠠᠭᠠᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ᠃    2025 ᠣᠨ ᠤ 1 ᠰᠠᠷ᠎ᠠ ᠶᠢᠨ 6 ᠤ ᠡᠳᠦᠷ᠂ ᠨᠡᠶᠢᠭᠡᠮ ᠲᠣᠭᠤᠷᠢᠭ ᠤᠨ ᠠᠵᠢᠯᠲᠠᠳ ᠬᠠᠶᠢᠷ᠎ᠠ ᠬᠠᠯᠠᠮᠵᠢ ᠬᠦᠷᠭᠡᠵᠦ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠥᠷᠨᠢᠭᠦᠯᠤᠨ᠂ ᠨᠡᠶᠢᠲᠡ 14 ᠡᠷᠦᠬᠡ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠲᠤ ︽ᠪᠡᠭᠡᠵᠢᠩ ᠦᠪᠦᠷ ᠮᠣᠩᠭᠤᠯ ᠤᠨ ᠬᠠᠶᠢᠷ᠎ᠠ ᠬᠠᠯᠠᠮᠵᠢ ᠶᠢᠨ ᠲᠣᠮᠣ ᠪᠡᠯᠡᠭ︾ ᠢ ᠬᠦᠷᠭᠡᠵᠦ᠂ ᠲᠡᠳᠡᠨ ᠳᠤ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃    ᠲᠣᠰ ᠤᠳᠠᠭᠠᠨ ᠤ ᠲᠠᠷᠬᠠᠭᠠᠭᠰᠠᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠡᠳ᠋ ᠪᠣᠳᠠᠰ ᠤᠨ ᠲᠥᠷᠥᠯ ᠵᠦᠢᠯ ᠨᠢ ᠡᠯᠪᠡᠭ ᠪᠠᠶᠠᠯᠢᠭ᠂ ᠡᠭᠦᠨ ᠳᠤ ᠨᠡᠭᠦᠷᠡᠰᠦ 2 ᠲᠣᠨ᠂ ᠢᠳᠡᠭᠡᠨ ᠤ ᠲᠣᠰᠣ 1 ᠬᠠᠶᠢᠷᠴᠠᠭ᠂ ᠭᠤᠯᠢᠷ 4 ᠤᠭᠤᠲᠠ᠂  ᠭᠤᠸᠠᠮᠢᠶᠠᠨ 2 ᠬᠠᠶᠢᠷᠴᠠᠭ᠂ ᠬᠤᠪᠴᠠᠰᠤ ᠤᠬᠢᠶᠠᠬᠤ ᠰᠢᠩᠭᠡᠨ 8 ᠯᠤᠩᠬᠤ᠂ ᠬᠠᠲᠠᠭᠤ ᠵᠢᠮᠢᠰ 4 ᠬᠠᠶᠢᠷᠴᠠᠭ᠂ ᠲᠥᠬᠦᠮ ᠮᠢᠨᠲᠤᠤᠷ 10 ᠬᠠᠶᠢᠷᠴᠠᠭ᠂ ᠡᠮᠴᠢᠯᠡᠭᠡᠨ ᠤ ᠬᠠᠶᠢᠷᠴᠠᠭ 1᠂ 4 ᠬᠥᠨᠵᠢᠯᠡ ᠬᠢᠭᠡᠳ ᠬᠦᠨᠵᠢᠯᠡᠨ ᠭᠠᠳᠠᠷ ᠵᠡᠷᠭᠡ ᠪᠠᠶᠢᠨ᠎ᠠ᠃ ᠡᠲᠡᠭᠡᠷ ᠡᠩ ᠤᠨ ᠠᠮᠢᠳᠤᠷᠠᠯ ᠤᠨ ᠡᠳ᠋ ᠪᠣᠳᠠᠰ ᠨᠢ ᠬᠠᠷᠢᠨ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠭᠦᠨ ᠵᠤᠵᠠᠭᠠᠨ ᠨᠥᠬᠦᠷᠯᠡᠯ ᠪᠠ ᠱᠦ ᠮᠥ ᠭᠧᠦ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠤ ᠬᠦᠷᠭᠡᠭᠰᠡᠨ ᠬᠠᠶᠢᠷ᠎ᠠ ᠬᠠᠯᠠᠮᠵᠢ ᠶᠢ ᠠᠴᠢᠶᠠᠯᠠᠵᠤ ᠪᠠᠶᠢᠳᠠᠭ᠃    ︽ᠲᠠᠨᠠᠷ ᠤᠨ ᠬᠠᠶᠢᠷ᠎ᠠ ᠰᠡᠳᠬᠢᠯᠭᠡ ᠪᠠᠨ ᠨᠡᠶᠢᠰᠯᠡᠯ ᠪᠡᠭᠡᠵᠢᠩ ᠠᠴᠠ ᠮᠠᠨ ᠤ ᠵᠢᠵᠢᠭ ᠲᠣᠰᠬᠤᠨ ᠳᠤ ᠳᠠᠮᠵᠢᠭᠤᠯᠵᠤ᠂ ᠮᠠᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠳᠤᠯᠠᠭᠠᠴᠠᠭᠤᠯᠤᠭᠰᠠᠨ ᠳᠤ ᠮᠠᠰᠢ ᠲᠠᠯᠠᠷᠬᠠᠵᠤ ᠪᠠᠶᠢᠨ᠎ᠠ︾ ᠭᠡᠵᠦ ᠱᠦ ᠮᠦ ᠭᠸᠤ ᠨᠡᠶᠢᠭᠡᠮ ᠲᠣᠭᠤᠷᠢᠭ ᠤᠨ ᠯᠢᠦ ᠼᠦᠢ ᠼᠦᠢ ᠱᠦᠵᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠲᠥᠯᠥᠭᠡᠯᠡᠨ ᠵᠦᠩ ᠯᠢᠩ ᠲᠠᠢ ᠡᡁᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠳᠤ ᠬᠠᠪᠰᠤᠷᠤᠨ ᠲᠡᠳᠬᠦᠬᠦ ᠡᠳ᠋ ᠪᠣᠳᠠᠰ ᠢ ᠰᠠᠭᠤᠭᠠᠯᠢ ᠠᠷᠠᠳ ᠤᠨ ᠭᠡᠷ ᠲᠤ ᠬᠦᠷᠭᠡᠬᠦ ᠶᠢ ᠪᠠᠲᠤᠯᠠᠪᠠ᠃ ᠵᠥᠩ ᠯᠢᠩ ᠲᠠᠢ ᠾᠧ ᠺᠤᠮᠫᠠᠨᠢ ᠶᠢᠨ ᠵᠠᠩ ᠳᠠᠭᠠᠭᠠᠮᠠᠯ ᠪᠠᠰᠠ ᠰᠠᠭᠤᠭᠠᠯᠢ ᠠᠷᠠᠳ ᠢ ᠡᠨᠡ ᠵᠢᠯ ᠳᠤᠯᠠᠭᠠᠨ ᠪᠦᠯᠢᠶᠡᠨ ᠡᠪᠦᠯ ᠢ ᠰᠠᠶᠢᠬᠠᠨ ᠥᠩᠭᠡᠷᠡᠭᠦᠯᠬᠦ ᠶᠢ ᠬᠦᠰᠡᠵᠦ᠂ ᠢᠷᠡᠬᠦ ᠵᠢᠯ ᠬᠠᠪᠰᠤᠷᠤᠨ ᠲᠡᠳᠬᠦᠬᠦ ᠤᠴᠢᠷ ᠶᠠᠪᠤᠳᠠᠯ ᠢ ᠠᠭᠠᠵᠢᠮ ᠢᠶᠠᠷ ᠶᠠᠷᠢᠯᠴᠠᠨ᠎ᠠ ᠭᠡᠵᠡᠢ᠃    ᠲᠣᠰ ᠤᠳᠠᠭᠠᠨ ᠤ ᠵᠥᠩ ᠯᠢᠩ ᠲᠠᠢ ᠾᠧ ᠪᠡᠭᠡᠵᠢᠩ ᠥᠪᠥᠷ ᠮᠣᠩᠭᠤᠯ ᠤᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠨᠢ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠰᠢᠢᠳᠪᠤᠷᠢᠯᠡᠵᠦ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠬᠠᠶᠢᠷ᠎ᠠ ᠬᠠᠯᠠᠮᠵᠢ ᠪᠠᠷ ᠬᠤᠯᠪᠣᠭᠠᠰᠤ ᠪᠣᠯᠭᠠᠵᠤ᠂ ᠠᠵᠤ ᠠᠬᠤᠶᠢᠯᠠᠯ᠂ ᠨᠡᠶᠢᠭᠡᠮ ᠲᠣᠭᠤᠷᠢᠭ ᠬᠢᠭᠡᠳ ᠰᠠᠭᠤᠭᠠᠯᠢ ᠠᠷᠠᠳ ᠤᠨ ᠬᠤᠭᠤᠷᠣᠨᠳᠣᠬᠢ ᠰᠣᠯᠢᠯᠴᠠᠭᠠᠨ ᠤ ᠬᠤᠯᠪᠣᠭᠠᠰᠤ ᠶᠢ ᠬᠤᠯᠪᠣᠵᠤ᠂ ᠨᠡᠶᠢᠭᠡᠮ ᠤᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ ᠢᠳᠡᠪᠬᠢ ᠬᠦᠴᠦᠨ ᠢ ᠢᠯᠡᠷᠡᠭᠦᠯᠦᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号