| ᠬᠢᠨᠭ᠍ᠭᠠᠨ ᠲᠠᠪᠠᠭᠠᠨ ᠳᠠᠬᠢ ᠬᠢᠨᠭ᠍ᠭᠠᠨ ᠠᠶᠢᠮᠠᠭ ᠲᠤ ᠡᠯ᠎ᠡ ᠦᠨᠳᠦᠰᠦᠳᠡᠨ ᠤ ᠠᠷᠠᠳ ᠲᠦᠮᠡᠨ ᠬᠠᠷᠢᠯᠴᠠᠨ | ᠬᠠᠪᠰᠤᠷᠤᠯᠴᠠᠵᠦ᠂ ᠡᠶ᠎ᠡ ᠨᠠᠶᠢᠷᠳᠠᠢ ᠤᠷᠤᠰᠢᠨ ᠠᠮᠢᠳᠦᠷᠠᠵᠦ᠂ ᠦᠨᠳᠦᠰᠦᠳᠡᠨ ᠨᠦᠭᠦᠳ ᠪᠦᠯᠬᠦᠮᠳᠡᠨ ᠨᠢᠬᠳᠠᠷᠠᠬᠰᠠᠨ | ᠰᠡᠳᠬᠢᠯ ᠬᠦᠳᠡᠯᠬᠡᠮ᠎ᠡ ᠪᠠᠶᠢᠳᠠᠯ ᠢᠯᠡᠷᠡᠵᠦ ᠪᠠᠶᠢᠨ᠎ᠠ᠃ | 2024 ᠤᠨ ᠳᠤ᠂ ᠬᠢᠨᠭ᠍ᠭᠠᠨ ᠠᠶᠢᠮᠠᠭ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ | ᠤᠬᠠᠮᠰᠠᠷ ᠢ ᠪᠠᠳᠦ ᠴᠤᠬᠴᠠᠯᠠᠬᠤ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠬᠡᠷᠡᠭᠵᠢᠬᠦᠯᠵᠦ᠂ | ᠤᠯᠠᠷᠢᠯ ᠪᠦᠷᠢ ᠡᠯ᠎ᠡ ᠦᠨᠳᠦᠰᠦᠳᠡᠨ ᠤ ᠤᠯᠠᠨ ᠲᠦᠮᠡᠨ ᠢ ᠲᠠᠭᠠᠭᠤᠯᠤᠨ ᠨᠢᠬᠡ ᠤᠳᠠᠭᠠᠨ ᠤ ︽ᠲᠠᠪᠦᠨ ᠨᠢᠬᠡ︾ | ᠤᠯᠠᠨ ᠲᠦᠮᠡᠨᠴᠢ ᠠᠵᠢᠯᠯᠠᠭ᠎ᠠ ᠦᠷᠨᠢᠬᠦᠯᠳᠡᠭ᠃ ᠲᠠᠷᠦᠢ ᠬᠠᠮᠳᠤᠪᠡᠷ ᠰᠤᠷᠤᠯᠴᠠᠬᠤ ᠶᠢ ᠬᠦᠳᠦᠯᠦᠨ ᠲᠠᠭᠠᠭᠤᠯᠬᠤ᠂ | ᠨᠢᠬᠡ ᠤᠳᠠᠭᠠᠨ ᠤ ᠤᠯᠠᠨ ᠲᠦᠮᠡᠨᠴᠢ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠦᠷᠨᠢᠬᠦᠯᠦᠨ᠎ᠡ᠃ ᠤᠷᠤᠯᠭ᠎ᠠ ᠪᠠᠨ | ᠨᠡᠮᠡᠭᠳᠡᠬᠦᠯᠵᠦ ᠬᠠᠮᠳᠤᠪᠡᠷ ᠪᠠᠶᠠᠵᠢᠬᠤ᠂ ᠨᠢᠬᠡ ᠤᠳᠠᠭᠠᠨ ᠤ ᠠᠵᠦ ᠦᠢᠯᠡᠰ ᠤᠨ ᠬᠦᠭᠵᠢᠯᠳᠡ ᠶᠢᠨ ᠠᠵᠢᠯᠯᠠᠭ᠎ᠠ ᠶᠢ | ᠵᠤᠬᠢᠶᠠᠨ ᠪᠠᠶᠢᠭᠤᠯᠤᠨ᠎ᠠ᠃ ᠰᠤᠶᠤᠯ ᠢ ᠬᠠᠮᠳᠤᠪᠡᠷ ᠡᠳ᠋ᠯᠡᠬᠦ᠂ ᠨᠢᠬᠡ ᠤᠳᠠᠭᠠᠨ ᠤ ᠰᠤᠶᠤᠯ ᠤᠨ ᠰᠤᠯᠢᠯᠴᠠᠭᠠᠨ ᠤ | ᠠᠵᠢᠯᠯᠠᠭ᠎ᠠ ᠦᠷᠨᠢᠬᠦᠯᠦᠨ᠎ᠡ᠃ ᠤᠷᠴᠢᠨ ᠲᠤᠭᠤᠷᠢᠨ ᠢ ᠬᠠᠮᠳᠤᠪᠡᠷ ᠭᠤᠶᠤᠵᠢᠭᠤᠯᠬᠤ᠂ ᠨᠢᠬᠡ ᠤᠳᠠᠭᠠᠨ ᠤ ᠬᠦᠮᠦᠨ | ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠨ᠎ᠠ᠃ ᠠᠮᠦᠷ ᠲᠦᠪᠰᠢᠨ ᠢ | ᠬᠠᠮᠳᠤᠪᠡᠷ ᠲᠤᠬᠳᠠᠪᠦᠷᠢᠵᠢᠭᠤᠯᠬᠤ᠂ ᠨᠢᠬᠡ ᠤᠳᠠᠭᠠᠨ ᠤ ᠵᠦᠷᠢᠴᠡᠯ ᠵᠢᠭᠤᠷᠠᠯᠳᠤᠭᠠᠨ ᠤ ᠲᠦᠭᠰᠢᠬᠦᠷᠢ ᠶᠢ ᠠᠷᠢᠯᠭᠠᠬᠤ | ᠠᠵᠢᠯᠯᠠᠭ᠎ᠠ ᠦᠷᠨᠢᠬᠦᠯᠦᠨ᠎ᠡ᠃ ᠡᠨᠡᠬᠦ ᠠᠵᠢᠯ ᠤᠨ ᠠᠷᠭ᠎ᠠ ᠶᠢ ᠬᠡᠷᠡᠭᠵᠢᠬᠦᠯᠦᠭᠰᠡᠨ ᠨᠢ ᠡᠯ᠎ᠡ ᠦᠨᠳᠦᠰᠦᠳᠡᠨ ᠤ ᠤᠯᠠᠨ | ᠲᠦᠮᠡᠨ ᠤ ᠬᠠᠮᠳᠤᠪᠡᠷ ᠰᠠᠭᠤᠷᠢᠰᠢᠨ ᠬᠠᠮᠳᠤᠪᠡᠷ ᠰᠤᠷᠤᠯᠴᠠᠵᠦ᠂ ᠬᠠᠮᠳᠤᠪᠡᠷ ᠤᠴᠢᠷ ᠰᠶᠢᠳᠪᠦᠷᠢᠯᠡᠨ ᠬᠠᠮᠳᠤᠪᠡᠷ | ᠪᠠᠶᠠᠰᠤᠯᠴᠠᠵᠦ᠂ ᠬᠠᠮᠳᠤᠪᠡᠷ ᠠᠭᠤᠰᠤᠯᠴᠠᠬᠤ ᠶᠢ ᠤᠯᠠᠮ ᠨᠢᠬᠡ ᠠᠯᠬᠤᠮ ᠠᠬᠢᠭᠤᠯᠵᠠᠢ᠃ | ᠦᠢᠷ᠎ᠠ ᠶᠢᠨ ᠡᠳᠤᠷ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠪᠤᠷᠭᠠᠰᠦᠳᠠᠢ ᠰᠢᠶᠠᠩ ᠤᠨ | ᠤᠬᠠᠭᠤᠯᠭ᠎ᠠ ᠶᠢᠨ ᠰᠠᠶᠢᠨ ᠲᠤᠷᠠᠴᠤᠤᠯ ᠤᠨ ᠪᠦᠯᠬᠦᠮ ᠲᠤᠰᠬᠤᠨ ᠤ ᠡᠷᠦᠬᠡ ᠪᠠᠷ ᠬᠦᠨᠵᠡᠬᠡᠶᠢᠷᠡᠨ ᠤᠬᠠᠭᠤᠯᠭ᠎ᠠ ᠬᠢᠵᠦ | ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠬᠦᠮᠦᠨ ᠪᠦᠬᠦᠨ ᠤ ᠰᠡᠳᠬᠢᠯ ᠳᠤ | ᠬᠠᠳᠠᠩᠰᠢᠭᠤᠯᠵᠠᠢ᠃ | ᠪᠤᠷᠭᠠᠰᠦᠳᠠᠢ ᠰᠢᠶᠠᠩ ᠤᠨ ᠬᠢᠨᠭ᠍ᠭᠠᠨ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠵᠠᠩ ᠱᠦ ᠯᠢᠨ᠄ ︽ᠡᠨᠡᠬᠦ | ᠤᠬᠠᠭᠤᠯᠭ᠎ᠠ ᠶᠢᠨ ᠪᠦᠯᠬᠦᠮ ᠤᠨ ᠤᠬᠠᠭᠤᠯᠭ᠎ᠠ ᠲᠤᠩ ᠰᠠᠶᠢᠨ︕︾ ᠬᠡᠵᠦ ᠶᠠᠷᠢᠵᠦ ᠪᠠᠶᠢᠪᠠ᠃ ᠤᠬᠠᠭᠤᠯᠭ᠎ᠠ ᠶᠢᠨ | ᠰᠠᠶᠢᠨ ᠲᠤᠷᠠᠴᠤᠤᠯ ᠤᠨ ᠪᠦᠯᠬᠦᠮ ᠪᠠᠶᠢᠭᠤᠯᠤᠬᠳᠠᠬᠰᠠᠨ ᠠᠴᠠ ᠨᠠᠭᠠᠰᠢ᠂ ᠲᠤᠰᠬᠤᠨ ᠤ ᠠᠷᠠᠳ ᠦᠷᠬᠦᠯᠵᠢ | ᠪᠦᠳᠦᠬᠦᠨ ᠮᠤᠳᠤᠨ ᠤ ᠲᠤᠤᠷ᠎ᠠ ᠴᠤᠬᠯᠠᠷᠠᠵᠦ᠂ ᠳᠤᠬᠯᠠᠯᠳᠠ ᠰᠤᠨᠢᠷᠬᠠᠬᠤ᠂ ᠲᠦᠷᠦ ᠶᠢᠨ ᠪᠤᠳᠤᠯᠭ᠎ᠠ ᠶᠢᠨ | ᠳᠠᠶᠢᠯᠤᠮᠵᠢ ᠰᠤᠨᠤᠰᠴᠦ ᠪᠠᠶᠢᠯ᠎ᠠ᠃ | ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠬᠤᠷᠴᠢᠨ ᠪᠠᠯᠭᠠᠰᠦ ᠶᠢᠨ ᠶᠤᠸᠠᠨ ᠰᠢᠨ ᠲᠤᠰᠬᠤᠨ ᠳᠤ | ᠵᠦᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠨᠠᠮᠳᠠᠭᠤᠯᠤᠬᠰᠠᠨ ᠠᠴᠠ ᠤᠯᠠᠨ ᠲᠦᠮᠡᠨ ᠤ ᠵᠤᠯ ᠵᠢᠷᠭᠠᠯᠳᠤ | ᠲᠦᠷᠦᠭᠳᠡᠯ ᠪᠠ ᠠᠮᠦᠷ ᠲᠦᠪᠰᠢᠨ ᠤ ᠲᠦᠷᠦᠭᠳᠡᠯ ᠲᠠᠰᠦᠷᠠᠯᠳᠠ ᠦᠬᠡᠢ ᠲᠡᠭᠡᠭᠰᠢᠯᠡᠵᠡᠢ᠃ ᠡᠳᠡᠭᠡᠷ ᠨᠢ ᠪᠦᠷ ᠭᠤᠤ | ᠵᠦᠩ ᠢ ᠶᠢᠨ ᠰᠠᠶᠢᠨ ᠪᠤᠯᠤᠨ᠎ᠠ᠃ ᠲᠤᠰᠬᠤᠨ ᠤ ᠠᠷᠠᠳ ᠵᠦᠷᠢᠴᠡᠯ ᠵᠢᠭᠤᠷᠠᠯᠳᠤᠭᠠᠨ ᠭᠠᠷᠪᠠᠯ ᠬᠠᠮᠤᠭ | ᠲᠦᠷᠦᠬᠦᠨ ᠳᠤ ᠭᠤᠤ ᠵᠦᠩ ᠢ ᠶᠢ ᠤᠷᠢᠵᠦ ᠡᠶᠡᠳᠡᠬᠦᠯᠬᠡ ᠬᠢᠯᠬᠡᠳᠡᠭ᠃ | ᠭᠤᠤ ᠵᠦᠩ ᠢ ᠡᠳᠦᠷ ᠪᠦᠷᠢ ᠵᠠᠪ ᠲᠠᠢ ᠪᠤᠯᠤᠬᠰᠠᠭᠠᠷ ᠠᠶᠢᠯ ᠡᠷᠤᠭᠡ ᠪᠠᠷ ᠶᠠᠪᠤᠵᠦ᠂ ᠪᠠᠭ᠎ᠠ ᠤᠴᠢᠷ | ᠲᠤᠬᠢᠶᠠᠯᠳᠤᠪᠠᠯ ᠲᠠᠷᠦᠢ ᠲᠦᠷᠬᠡᠨ ᠰᠶᠢᠳᠪᠦᠷᠢᠯᠡᠵᠦ᠂ ᠲᠤᠮᠤ ᠤᠴᠢᠷ ᠲᠤᠬᠢᠶᠠᠯᠳᠤᠪᠠᠯ ᠵᠠᠳᠠᠯᠦᠯᠳᠡ ᠬᠢᠵᠦ | ᠰᠶᠢᠳᠪᠦᠷᠢᠯᠡᠳᠡᠭ ᠠᠴᠠ ᠭᠤᠤ ᠵᠦᠩ ᠢ ᠠᠯᠭᠤᠷ ᠢᠶᠠᠷ ᠲᠤᠰᠬᠤᠨ ᠤ ᠠᠷᠠᠳ ᠲᠠᠢ ᠪᠦᠷ ᠰᠠᠶᠢᠨ ᠨᠠᠶᠢᠵᠠ ᠪᠤᠯᠵᠠᠢ᠃ | 2024 ᠤᠨ ᠳᠤ᠂ ᠭᠤᠤ ᠵᠦᠩ ᠢ ᠨᠡᠶᠢᠳᠡ 100 ᠭᠠᠷᠦᠢ ᠵᠦᠷᠢᠴᠡᠯ ᠵᠢᠭᠤᠷᠠᠯᠳᠤᠭᠠᠨ ᠢ ᠡᠶᠡᠳᠡᠬᠦᠯᠦᠨ | ᠰᠶᠢᠳᠪᠦᠷᠢᠯᠡᠵᠡᠢ᠃ | ᠡᠬᠦᠨ ᠤ ᠬᠠᠮᠳᠤ᠂ ᠲᠦᠴᠢᠤᠸᠠᠨ ᠰᠢᠶᠠᠨ ᠤ ᠯᠢᠦ ᠬᠤ᠋ ᠪᠠᠯᠭᠠᠰᠦ ᠶᠢᠨ ᠶᠦᠩ ᠹᠠᠨ ᠲᠤᠰᠬᠤᠨ ᠤ | ᠬᠦᠳᠡᠯᠬᠡᠬᠡᠨ ᠤ ᠦᠷᠦᠬᠡᠨ ᠳᠤ᠂ ᠬᠠᠶᠢᠴᠢᠯᠠᠮᠠᠯ ᠤᠨ ᠪᠤᠯᠪᠠᠰᠦᠷᠠᠯ ᠬᠦᠷ ᠬᠦᠭᠵᠢᠶᠡᠨ ᠲᠠᠢ ᠶᠠᠪᠤᠬᠳᠠᠵᠦ᠂ ᠲᠤᠰᠬᠤᠨ ᠤ | ᠠᠷᠠᠳ ᠬᠠᠶᠢᠴᠢᠯᠠᠮᠠᠯ ᠤᠨ ᠪᠠᠭᠰᠢ ᠶᠢᠨ ᠲᠠᠭᠠᠭᠤᠯᠭ᠎ᠠ ᠪᠠᠷ ᠴᠠᠭᠠᠰᠦᠨ ᠬᠠᠶᠢᠴᠢᠯᠠᠮᠠᠯ ᠤᠨ ᠴᠡᠴᠡᠭ ᠬᠠᠶᠢᠴᠢᠯᠠᠵᠦ | ᠪᠠᠶᠢᠯ᠎ᠠ᠃ ᠴᠠᠭᠠᠰᠦᠨ ᠬᠠᠶᠢᠴᠢᠯᠠᠮᠠᠯ ᠤᠨ ᠪᠤᠯᠪᠠᠰᠦᠷᠠᠯ ᠨᠢ ᠡᠯ᠎ᠡ ᠦᠨᠳᠦᠰᠦᠳᠡᠨ ᠤ ᠤᠯᠠᠨ ᠲᠦᠮᠡᠨ ᠤ ᠰᠡᠳᠬᠢᠯ ᠢ | ᠨᠢᠬᠳᠠᠷᠠᠭᠤᠯᠵᠦ᠂ ᠲᠤᠮᠳᠠᠳᠤ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠤᠨ ᠷᠢᠳᠢ ᠰᠢᠳᠢ ᠶᠢ | ᠤᠯᠠᠨ ᠳᠤ ᠮᠡᠳᠡᠷᠡᠬᠦᠯᠵᠦ ᠪᠠᠶᠢᠪᠠ᠃ | ᠤᠯᠠᠭᠠᠨᠬᠤᠳᠠ ᠶᠢᠨ ᠤᠯᠠᠭᠠᠨᠬᠠᠳᠠ ᠪᠠᠯᠭᠠᠰᠦ ᠶᠢᠨ ᠦᠨᠳᠦᠷ ᠪᠠᠷᠢᠮᠵᠢᠶᠠᠳᠤ ᠲᠦᠬᠦᠭᠡᠷᠦᠮᠵᠢᠳᠤ ᠲᠠᠷᠢᠶᠠᠯᠠᠩ ᠤᠨ | ᠬᠦᠷᠢᠶᠡᠯᠡᠩ ᠲᠤᠭᠤᠷᠢᠭ ᠤᠨ ᠲᠤᠮᠤ ᠰᠠᠷᠠᠪᠴᠢᠨ ᠳᠤ᠂ ᠠᠵᠢᠯᠳᠠᠳ ᠶᠠᠭ ᠰᠠᠶ᠋ᠢᠬᠠᠨ ᠬᠦᠵᠡᠯᠵᠡᠬᠡᠨ᠎ᠡ ᠠᠷᠠᠴᠢᠯᠠᠬᠤ ᠶᠢᠨ | ᠲᠠᠭᠠᠤ ᠬᠦᠵᠡᠯᠵᠡᠬᠡᠨ᠎ᠡ ᠲᠠᠷᠢᠵᠦ ᠤᠷᠭᠤᠭᠤᠯᠬᠤ ᠲᠤᠷᠰᠢᠯᠭ᠎ᠠ ᠪᠠᠨ ᠰᠤᠯᠢᠯᠴᠠᠵᠦ ᠪᠠᠶᠢᠯ᠎ᠠ᠃ ᠤᠯᠠᠭᠠᠨᠬᠠᠳᠠ | ᠪᠠᠯᠭᠠᠰᠦ ᠶᠢᠨ ᠦᠨᠳᠦᠷ ᠪᠠᠷᠢᠮᠵᠢᠶᠠᠳᠤ ᠲᠦᠬᠦᠭᠡᠷᠦᠮᠵᠢᠳᠤ ᠲᠠᠷᠢᠶᠠᠯᠠᠩ ᠤᠨ ᠬᠦᠷᠢᠶᠡᠯᠡᠩ ᠲᠤᠭᠤᠷᠢᠭ ᠲᠤ ᠵᠢᠯ ᠭᠠᠷᠦᠢ | ᠠᠵᠢᠯᠯᠠᠬᠰᠠᠨ ᠭᠤᠤ ᠶᠢᠨ ᠠᠶᠢᠯ ᠭᠠᠴᠠᠭ᠎ᠠ ᠶᠢᠨ ᠾᠧ ᠰᠢᠶᠤᠤ ᠴᠢᠩ᠄ ︽ᠪᠢ ᠰᠡᠯᠡᠬᠦᠦ ᠴᠠᠭ ᠢᠶᠠᠷ ᠢᠶᠠᠨ ᠡ᠊ᠨᠳᠡ | ᠢᠷᠡᠵᠦ ᠠᠵᠢᠯᠯᠠᠵᠦ᠂ ᠲᠠᠷᠢᠵᠦ ᠤᠷᠭᠤᠭᠤᠯᠬᠤ ᠮᠡᠷᠬᠡᠵᠢᠯ ᠰᠤᠷᠴᠢᠬᠠᠬᠤ ᠪᠦᠭᠡᠳ ᠪᠠᠰᠠ ᠤᠷᠤᠯᠭ᠎ᠠ ᠤᠯᠳᠠᠭ︾ | ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃ | ᠤᠯᠠᠭᠠᠨᠬᠠᠳᠠ ᠪᠠᠯᠭᠠᠰᠦ ᠶᠢᠨ ᠨᠠᠮ ᠤᠨ ᠬᠤᠷᠢᠶ᠎ᠠ ᠶᠢᠨ ᠨᠢᠬᠡᠳᠦᠮᠡᠯ ᠹᠷᠤᠨᠲ ᠤᠨ ᠬᠡᠯᠳᠡᠰ ᠤᠨ ᠬᠡᠰᠢᠬᠦᠨ | ᠵᠦᠩ ᠶᠢᠨ ᠬᠤᠤ᠄ ︽ᠤᠯᠠᠭᠠᠨᠬᠠᠳᠠ ᠪᠠᠯᠭᠠᠰᠦ ᠶᠢᠨ ᠦᠨᠳᠦᠷ ᠪᠠᠷᠢᠮᠵᠢᠶᠠᠳᠤ ᠲᠦᠬᠦᠭᠡᠷᠦᠮᠵᠢᠳᠤ ᠲᠠᠷᠢᠶᠠᠯᠠᠩ ᠤᠨ | ᠬᠦᠷᠢᠶᠡᠯᠡᠩ ᠲᠤᠭᠤᠷᠢᠭ ᠲᠤᠯᠠᠭᠠᠨ ᠬᠦᠯᠡᠮᠵᠢ 12᠂ ᠰᠡᠷᠢᠬᠦᠨ ᠬᠦᠯᠡᠮᠵᠢ 11 ᠪᠠᠶᠢᠵᠦ᠂ ᠭᠤᠤᠯᠳᠠᠭᠤ ᠲᠦᠪᠡᠳ | ᠬᠠᠰᠢ ᠪᠠ ᠰᠢᠷᠦᠢ ᠬᠡᠷᠡᠭᠯᠡᠬᠦ ᠦᠬᠡᠢ ᠢᠳᠡᠰᠢᠨ ᠨᠤᠭᠤᠭ᠎ᠠ ᠲᠠᠷᠢᠵᠦ ᠤᠷᠭᠤᠭᠤᠯᠳᠠᠭ᠃ ᠬᠦᠷᠢᠶᠡᠯᠡᠩ ᠲᠤᠭᠤᠷᠢᠭ ᠤᠨ | ᠲᠤᠳᠤᠷ᠎ᠠ 35 ᠬᠦᠮᠦᠨ ᠳᠤ ᠠᠵᠢᠯ ᠤᠨ ᠪᠠᠶᠢᠷᠢ ᠬᠠᠨᠭ᠍ᠭᠠᠵᠦ᠂ ᠶᠠᠭᠠᠷᠠᠯᠳᠠᠢ ᠦᠶ᠎ᠡ ᠳᠤ 60 ᠬᠦᠮᠦᠨ ᠳᠤ ᠠᠵᠢᠯ ᠤᠨ | ᠪᠠᠶᠢᠷᠢ ᠬᠠᠨᠭ᠍ᠭᠠᠵᠦ᠂ ᠰᠠᠷ᠎ᠠ ᠪᠦᠷᠢ 3600 ᠭᠠᠷᠦᠢ ᠲᠦᠬᠦᠷᠢᠭ ᠤᠨ ᠤᠷᠤᠯᠭ᠎ᠠ ᠤᠯᠳᠠᠭ︾ ᠬᠡᠵᠦ ᠲᠠᠨᠢᠯᠴᠠᠭᠤᠯᠵᠦ | ᠪᠠᠶᠢᠯ᠎ᠠ᠃ | ᠵᠠᠯᠠᠶᠢᠳ ᠬᠤᠰᠢᠭᠤᠨ ᠤ ᠪᠠᠶᠠᠠᠭᠤᠤᠯ ᠪᠠᠯᠭᠠᠰᠦ ᠶᠢᠨ ᠪᠠᠶᠠᠨᠵᠢᠷᠦᠬᠡ ᠲᠤᠰᠬᠤᠨ ᠤ ᠵᠠᠮ ᠴᠡᠪᠡᠷ ᠴᠡᠮᠴᠡᠭᠡᠷ᠂ | ᠬᠦᠷᠢᠶ᠎ᠡ ᠬᠠᠰᠢᠶ᠎ᠡ ᠨᠢ ᠲᠡᠷᠢ ᠲᠡᠭᠰᠢ ᠪᠠᠶᠢᠯ᠎ᠠ᠃ ᠲᠤᠰ ᠲᠤᠰᠬᠤᠨ ᠬᠦᠮᠦᠨ ᠠᠷᠠᠳ ᠤᠨ ᠰᠠᠭᠤᠷᠢᠰᠢᠬᠤ ᠤᠷᠴᠢᠨ | ᠲᠤᠭᠤᠷᠢᠨ ᠢ ᠴᠡᠭᠴᠡᠯᠡᠨ ᠵᠠᠰᠠᠬᠤ ᠬᠤᠷᠠᠮᠳᠤᠭᠤᠯᠭ᠎ᠠ ᠶᠢᠨ ᠬᠤᠪᠢ ᠶᠢᠨ ᠲᠦᠷᠢᠮ ᠢ ᠬᠡᠷᠡᠭᠵᠢᠬᠦᠯᠬᠦ ᠪᠠᠷ ᠲᠠᠮᠵᠢᠭᠤᠯᠤᠨ᠂ | ᠲᠤᠰᠬᠤᠨ ᠤ ᠠᠷᠠᠳ ᠢ ᠵᠤᠬᠢᠶᠠᠨ ᠪᠠᠶᠢᠭᠤᠯᠤᠨ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠬᠤᠭ ᠨᠤᠪᠰᠢ ᠶᠢ | ᠴᠡᠪᠡᠷᠯᠡᠬᠦ᠂ ᠨᠤᠭᠤᠭᠠᠷᠠᠭᠤᠯᠦᠯᠳᠡ ᠬᠢᠬᠦ ᠵᠡᠷᠭᠡ ᠠᠵᠢᠯᠯᠠᠭ᠎ᠠ ᠳᠤ ᠤᠷᠤᠯᠴᠠᠭᠤᠯᠤᠨ ᠬᠤᠪᠢ ᠬᠤᠷᠠᠮᠳᠤᠭᠤᠯᠵᠦ | ᠤᠯᠤᠬᠰᠠᠨ ᠬᠤᠪᠢ ᠪᠠᠷ ᠢᠶᠠᠨ ᠱᠠᠩᠨᠠᠯ ᠰᠤᠯᠢᠵᠦ ᠪᠤᠯᠳᠠᠭ᠃ ᠡᠨᠡᠬᠦ ᠠᠷᠭ᠎ᠠ ᠠᠪᠴᠠᠯ ᠨᠢ ᠲᠤᠰᠬᠤᠨ ᠤ ᠠᠷᠠᠳ ᠤᠨ | ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ ᠲᠡᠭᠡᠭᠰᠢᠯᠡᠬᠦᠯᠦᠭᠰᠡᠨ ᠢᠶᠠᠷ | ᠪᠠᠷᠠᠬᠤ ᠦᠬᠡᠢ ᠪᠠᠰᠠ ᠡᠯ᠎ᠡ ᠦᠨᠳᠦᠰᠦᠳᠡᠨ ᠤ ᠤᠯᠠᠨ ᠲᠦᠮᠡᠨ ᠤ ᠳᠠᠭᠠᠯᠠᠮᠵᠢᠳᠠᠢ ᠤᠷᠴᠢᠨ ᠲᠤᠭᠤᠷᠢᠨ ᠢ ᠬᠠᠮᠳᠤᠪᠡᠷ | ᠡᠳ᠋ᠯᠡᠬᠦ ᠶᠢ ᠪᠡᠶᠡᠯᠡᠬᠦᠯᠵᠡᠢ᠃ | ᠡᠳᠡᠭᠡᠷ ᠦᠨᠡᠨ ᠪᠤᠳᠠᠳᠠᠢ ᠵᠢᠱᠢᠶ᠎ᠡ ᠨᠢ ᠪᠦᠷ ᠬᠢᠨᠭ᠍ᠭᠠᠨ ᠠᠶᠢᠮᠠᠭ ︽ᠲᠠᠪᠦᠨ ᠨᠢᠬᠡ︾ ᠤᠯᠠᠨ ᠲᠦᠮᠡᠨᠴᠢ | ᠠᠵᠢᠯ ᠤᠨ ᠠᠷᠭ᠎ᠠ ᠶᠢ ᠦᠷᠨᠢᠬᠦᠯᠦᠭᠰᠡᠨ ᠬᠤᠷᠢᠶᠠᠩᠭᠤᠢ ᠲᠦᠷᠢ ᠪᠤᠯᠤᠨ᠎ᠠ᠃ ᠲᠡᠷᠡ ᠨᠢ ᠤᠯᠠᠨ ᠲᠦᠮᠡᠨ ᠤ | ᠠᠮᠢᠳᠦᠷᠠᠯ ᠢ ᠤᠯᠠᠮ ᠵᠢᠷᠭᠠᠯᠳᠠᠢ ᠪᠤᠯᠭᠠᠵᠦ ᠪᠤᠢ᠃ ᠤᠳᠤ᠂ ᠬᠢᠨᠭ᠍ᠭᠠᠨ ᠠᠶᠢᠮᠠᠭ 210 ᠲᠤᠷᠰᠢᠯᠳᠠ ᠶᠢᠨ ᠭᠠᠴᠠᠭ᠎ᠠ | ᠲᠤᠰᠬᠤᠨ᠂ ᠨᠡᠶᠢᠬᠡᠮ ᠲᠤᠭᠤᠷᠢᠭ᠂ ᠪᠠᠶᠢᠭᠤᠯᠭ᠎ᠠ ᠨᠢᠬᠡᠴᠢ ︽ᠲᠠᠪᠦᠨ ᠨᠢᠬᠡ︾ ᠤᠯᠠᠨ ᠲᠦᠮᠡᠨᠴᠢ ᠠᠵᠢᠯᠯᠠᠭ᠎ᠠ ᠶᠢ | ᠨᠢᠬᠡᠨᠳᠡ 4700 ᠭᠠᠷᠦᠢ ᠲᠠᠯᠠᠪᠦᠷ ︵ᠤᠳᠠᠭ᠎ᠠ︶ ᠦᠷᠨᠢᠬᠦᠯᠵᠦ᠂ ᠠᠵᠢᠯᠯᠠᠭ᠎ᠠ ᠳᠤ ᠤᠷᠤᠯᠴᠠᠭᠰᠠᠨ ᠡᠯ᠎ᠡ | ᠦᠨᠳᠦᠰᠦᠳᠡᠨ ᠤ ᠤᠯᠠᠨ ᠲᠦᠮᠡᠨ ᠤ ᠲᠤᠭ᠎ᠠ ᠵᠠᠭᠤᠨ ᠲᠦᠮᠡᠨ ᠬᠦᠮᠦᠨ ︵ᠤᠳᠠᠭ᠎ᠠ︶ ᠳᠤ ᠬᠦᠷᠦᠭᠰᠡᠨ ᠪᠠᠶᠢᠨ᠎ᠡ᠃ | ᠬᠢᠨᠭ᠍ᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠨᠢᠬᠡᠳᠦᠮᠡᠯ ᠹᠷᠤᠨᠲ ᠤᠨ ᠬᠡᠯᠳᠡᠰ ᠤᠨ ᠲᠡᠳ᠋ ᠲᠠᠷᠤᠭ᠎ᠠ ᠸᠠᠩ | ᠯᠢᠶᠠᠨ ᠫᠧᠩ᠄ ︽ᠬᠢᠨᠭ᠍ᠭᠠᠨ ᠠᠶᠢᠮᠠᠭ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ | ᠪᠠᠳᠦ ᠴᠤᠬᠴᠠᠯᠠᠬᠤ ᠵᠢᠱᠢᠶ᠎ᠡ ᠦᠵᠡᠬᠦᠯᠬᠦ ᠠᠶᠢᠮᠠᠭ ᠢ ᠡᠬᠦᠳᠦᠨ ᠪᠠᠶᠢᠭᠤᠯᠬᠤ ᠪᠠᠷ ᠬᠠᠷᠠᠯᠳᠠ ᠪᠤᠯᠭᠠᠵᠦ᠂ | ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ︿ᠲᠠᠪᠦᠨ ᠨᠢᠬᠡ﹀ | ᠤᠯᠠᠨ ᠲᠦᠮᠡᠨᠴᠢ ᠠᠵᠢᠯ ᠤᠨ ᠠᠷᠭ᠎ᠠ ᠶᠢ ᠬᠡᠷᠡᠭᠵᠢᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ | ᠴᠤᠬᠴᠠ ᠶᠢᠨ ᠤᠬᠠᠮᠰᠠᠷ ᠢ ᠲᠠᠰᠦᠷᠠᠯᠳᠠ ᠦᠬᠡᠢ ᠪᠤᠳᠠᠳᠠᠶᠢᠵᠢᠬᠤ ᠶᠢ ᠠᠬᠢᠭᠤᠯᠵᠤ ᠪᠤᠢ︾ ᠬᠡᠵᠦ ᠶᠠᠷᠢᠵᠦ ᠪᠠᠶᠢᠯ᠎ᠠ᠃ | ᠤᠳᠤᠬᠠᠨ ᠤ ᠬᠢᠨᠭ᠍ᠭᠠᠨ ᠠᠶᠢᠮᠠᠭ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢᠨ ᠲᠤᠶᠠᠭᠠᠯᠠᠯ | ᠲᠤᠤᠷ᠎ᠠ᠂ ︽ᠲᠠᠪᠦᠨ ᠨᠢᠬᠡ︾ ᠤᠯᠠᠨ ᠲᠦᠮᠡᠨᠴᠢ ᠠᠵᠢᠯ ᠤᠨ ᠠᠷᠭ᠎ᠠ ᠶᠢ ᠦᠷᠬᠦᠯᠵᠢᠯᠡᠨ ᠦᠢᠯᠡᠳᠦᠯᠬᠡᠵᠢᠬᠦᠯᠵᠦ᠂ | ᠡᠯ᠎ᠡ ᠦᠨᠳᠦᠰᠦᠳᠡᠨ ᠤ ᠤᠯᠠᠨ ᠲᠦᠮᠡᠨ ᠠᠨᠠᠷ ᠤᠨ ᠦᠷ᠎ᠡ ᠮᠡᠳᠤ ᠨᠢᠬᠳᠠᠷᠠᠨ ᠪᠦᠯᠬᠦᠮᠳᠡᠵᠦ᠂ ᠡᠯ᠎ᠡ ᠦᠨᠳᠦᠰᠦᠳᠡᠨ ᠤ | ᠤᠯᠠᠨ ᠲᠦᠮᠡᠨ ᠬᠠᠮᠳᠤᠪᠡᠷ ᠰᠠᠭᠤᠷᠢᠰᠢᠨ ᠬᠠᠮᠳᠤᠪᠡᠷ ᠰᠤᠷᠤᠯᠴᠠᠵᠦ᠂ ᠬᠠᠮᠳᠤᠪᠡᠷ ᠤᠴᠢᠷ ᠰᠶᠢᠳᠪᠦᠷᠢᠯᠡᠨ ᠬᠠᠮᠳᠤᠪᠡᠷ | ᠪᠠᠶᠠᠰᠦᠯᠴᠠᠨ᠂ ᠬᠠᠮᠳᠤᠪᠡᠷ ᠠᠭᠤᠰᠤᠯᠴᠠᠬᠤ ᠲᠤᠮᠤ ᠬᠡᠷ ᠪᠦᠯᠢ ᠶᠢ ᠪᠠᠶᠢᠭᠤᠯᠵᠦ᠂ ᠦᠵᠡᠮᠵᠢᠳᠤ ᠬᠢᠨᠭ᠍ᠭᠠᠨ ᠤ ᠰᠢᠨ᠎ᠠ | ᠬᠠᠭᠤᠳᠠᠰᠦ ᠶᠢ ᠬᠠᠮᠳᠤᠪᠡᠷ ᠵᠢᠷᠤᠬᠯᠠᠵᠦ ᠪᠤᠢ᠃ · ᠰᠢᠤᠢ ᠸᠧᠨ ᠵᠢᠶᠦ᠋ᠨ · |