| ᠤᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠰᠢᠨ᠎ᠠ ᠶᠢ ᠡᠬᠦᠳᠬᠦ | ᠬᠦᠳᠡᠯᠭᠡᠬᠦᠷ ᠢᠶᠠᠷ ᠠᠴᠢᠶᠠᠯᠠᠭᠴᠢ ᠪᠤᠯᠭᠠᠨ᠂ ᠲᠤᠬᠠᠢ ᠶᠢᠨ ᠭᠠᠵᠠᠷ ᠤᠨ ᠡᠬᠢ ᠪᠠᠶᠠᠯᠢᠭ ᠤᠨ ᠲᠠᠪᠠᠭᠤᠯᠢᠭ ᠢᠶᠠᠨ | ᠬᠦᠢᠴᠡᠳ ᠪᠠᠳᠠᠷᠠᠭᠤᠯᠵᠤ᠂ ᠬᠦᠳᠡᠭᠡ ᠲᠤᠰᠬᠤᠨ ᠤ ᠤᠨᠴᠠᠯᠢᠭᠳᠤ ᠠᠵᠤ ᠦᠢᠯᠡᠰ ᠢ ᠬᠦᠴᠤᠯᠡᠨ ᠬᠦᠭᠵᠢᠬᠦᠯᠵᠤ᠂ | ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠮᠡᠳᠡᠭᠳᠡᠮ᠎ᠠ ᠦᠷ᠎ᠠ ᠪᠦᠳᠤᠮᠵᠢ ᠤᠯᠤᠯ᠎ᠠ᠃ | ᠡᠮᠤᠨᠡᠳᠤ ᠬᠤᠰᠢᠭᠤᠨ ᠤ ᠴᠠᠷᠠᠰᠤᠨ ᠪᠠᠯᠭᠠᠰᠤᠨ ᠤ ᠪᠡᠯᠡᠨ ᠵᠠᠭᠤᠰᠢ ᠶᠢᠨ ᠦᠢᠯᠡᠳᠪᠤᠷᠢ ᠳᠤ ᠬᠦᠷᠪᠡᠯ᠂ | ᠠᠵᠢᠯᠴᠢᠨ ᠠᠴᠠ ᠦᠢᠯᠡᠳᠪᠤᠷᠢᠯᠡᠯ ᠤᠨ ᠲᠠᠰᠤᠭ ᠲᠤ ᠡᠮᠬᠢ ᠵᠢᠷᠤᠮ ᠲᠠᠢ ᠠᠵᠢᠯᠯᠠᠵᠤ᠂ ᠮᠠᠰᠢᠨ ᠮᠧᠬᠠᠨᠢᠭ ᠤᠨ | ᠬᠦᠷᠴᠢᠬᠢᠨᠡᠬᠦ ᠶᠢ ᠲᠠᠭᠠᠯᠳᠤᠨ ᠵᠢᠭᠠᠰᠤᠨ ᠮᠢᠬᠠᠨ ᠤ ᠪᠦᠮᠪᠦᠯᠢᠭ᠂ ᠪᠠᠩᠰᠢ ᠵᠡᠷᠭᠡ ᠦᠢᠯᠡᠳᠬᠦᠨ ᠢ ᠦᠢᠯᠡᠳᠪᠤᠷᠢᠯᠡᠵᠤ᠂ | ᠲᠠᠬᠢᠨ ᠤᠭᠤᠳᠠᠯᠠᠨ ᠬᠦᠢᠳᠡᠨ ᠬᠦᠮᠤᠷᠭᠡ ᠳᠡᠭᠡᠨ ᠬᠠᠳᠠᠭᠠᠯᠠᠨ᠎ᠠ᠃ ᠴᠠᠷᠠᠰᠤᠨ ᠪᠠᠯᠭᠠᠰᠤ ᠡᠯᠪᠡᠭ ᠪᠠᠶᠠᠯᠢᠭ | ᠵᠢᠭᠠᠰᠤᠨ ᠤ ᠦᠢᠯᠡᠰ ᠤᠨ ᠡᠬᠢ ᠪᠠᠶᠠᠯᠢᠭ ᠢᠶᠠᠨ ᠠᠰᠢᠭᠯᠠᠨ᠂ ᠵᠢᠭᠠᠰᠤᠨ ᠮᠢᠬᠠᠨ ᠤ ᠪᠡᠯᠡᠨ ᠵᠠᠭᠤᠰᠢ ᠶᠢᠨ ᠠᠵᠤ | ᠦᠢᠯᠡᠰ ᠢ ᠬᠦᠴᠤᠯᠡᠨ ᠬᠦᠭᠵᠢᠬᠦᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠠ ᠶᠢ ᠡᠬᠦᠳᠬᠦ ᠪᠠ | ᠦᠢᠯᠡᠳᠬᠦᠨ ᠤ ᠰᠤᠳᠤᠯᠤᠨ ᠨᠡᠭᠡᠭᠡᠯᠳᠠ ᠶᠢ ᠢᠳᠡᠪᠬᠢᠳᠠᠢ ᠲᠠᠶᠢᠴᠢᠯᠠᠨ᠂ ᠲᠡᠷᠢᠬᠦᠨ ᠤ ᠦᠢᠯᠡᠳᠪᠤᠷᠢᠯᠡᠯ ᠤᠨ | ᠲᠦᠬᠦᠭᠡᠷᠤᠮᠵᠢ ᠪᠠ ᠤᠷ᠎ᠠ ᠮᠡᠷᠭᠡᠵᠢᠯ ᠢ ᠲᠠᠳᠠᠨ ᠤᠷᠤᠭᠤᠯᠬᠤ ᠪᠠᠷ ᠲᠠᠮᠵᠢᠨ ᠵᠢᠭᠠᠰᠤᠨ ᠮᠢᠬᠠᠨ ᠳᠤ ᠬᠦᠨᠵᠡᠭᠡᠢ | ᠪᠤᠯᠪᠠᠰᠤᠷᠠᠭᠤᠯᠤᠯᠳᠠ ᠬᠢᠵᠤ᠂ ᠠᠵᠤ ᠦᠢᠯᠡᠰ ᠤᠨ ᠬᠡᠯᠬᠢᠶ᠎ᠠ ᠶᠢ ᠤᠷᠳᠤᠳᠬᠠᠭᠰᠠᠨ ᠢᠶᠠᠷ ᠪᠠᠷᠠᠬᠤ ᠦᠭᠡᠢ | ᠦᠢᠯᠡᠳᠬᠦᠨ ᠤ ᠨᠡᠮᠡᠯᠳᠡ ᠦᠷᠳᠡᠭ ᠢ ᠲᠡᠭᠡᠭᠰᠢᠬᠦᠯᠪᠡ᠃ ︽ᠪᠢᠳᠠᠨ ᠤ ᠪᠠᠯᠠᠨ ᠵᠠᠭᠤᠰᠢ ᠶᠢᠨ ᠦᠢᠯᠡᠳᠪᠤᠷᠢ ᠨᠢ | ᠤᠤᠯ ᠤᠨ ᠭᠡᠷ ᠪᠦᠯᠢ ᠶᠢᠨ ᠵᠢᠵᠢᠭ ᠦᠢᠯᠡᠳᠭᠡᠯ ᠤᠨ ᠬᠡᠯᠪᠡᠷᠢ ᠠᠴᠠ ᠬᠠᠭᠠᠰ ᠮᠧᠬᠠᠨᠢᠭᠵᠢᠭᠰᠠᠨ ᠠᠵᠤ ᠦᠢᠯᠡᠳᠪᠤᠷᠢ | ᠲᠡᠶᠢᠰᠢ ᠬᠤᠪᠢᠷᠠᠵᠤ᠂ ᠦᠢᠯᠡᠳᠬᠦᠨ ᠨᠢ ᠤᠤᠯ ᠤᠨ 1 ᠵᠦᠢᠯ ᠪᠠᠶᠢᠭᠰᠠᠨ ᠠᠴᠠ 9 ᠵᠦᠢᠯ ᠪᠤᠯᠤᠨ ᠨᠡᠮᠡᠭᠳᠡᠵᠤ᠂ | ᠡ᠊ᠨᠠ ᠵᠢᠯ ᠪᠠᠷᠤᠭ 5000 ᠬᠤᠪᠢ ᠪᠡᠯᠡᠭ ᠤᠨ ᠬᠠᠶᠢᠷᠴᠠᠭ ᠪᠡᠯᠡᠳᠭᠡᠨ᠂ ᠴᠠᠷᠠᠰᠤᠨ ᠭᠠᠴᠠᠭᠠᠨ ᠤ 15 ᠠᠷᠠᠳ ᠪᠠ | 3 ᠶᠠᠳᠠᠭᠤ ᠠᠴᠠ ᠠᠩᠬᠢᠵᠢᠷᠠᠭᠰᠠᠨ ᠡᠷᠤᠬᠡ ᠶᠢᠨ ᠠᠵᠢᠯ ᠤᠯᠬᠤ ᠶᠢ ᠲᠠᠶᠢᠴᠢᠯᠠᠵᠤ᠂ ᠬᠦᠮᠤᠨ ᠪᠦᠷᠢ ᠰᠠᠷ᠎ᠠ ᠳᠤ | 4500 ᠭᠠᠷᠤᠢ ᠲᠦᠬᠦᠷᠢᠭ ᠤᠨ ᠤᠷᠤᠯᠭ᠎ᠠ ᠨᠡᠮᠡᠭᠳᠡᠭᠰᠠᠨ ᠪᠠᠶᠢᠨ᠎ᠠ︾ ᠭᠡᠵᠤ ᠡᠮᠤᠨᠡᠳᠤ ᠬᠤᠰᠢᠭᠤᠨ ᠤ ᠢᠥᠢ | ᠴᠤᠸᠠᠨ ᠴᠢ ᠢᠳᠡᠭᠡᠨ ᠤ ᠪᠤᠷᠤᠯᠠᠭᠤᠯᠭ᠎ᠠ ᠶᠢᠨ ᠬᠢᠵᠠᠭᠠᠷᠳᠤ ᠺᠤᠮᠫᠠᠨᠢ ᠶᠢᠨ ᠬᠠᠷᠢᠭᠤᠴᠠᠯᠭᠠᠳᠠᠨ ᠯᠢᠥᠢ ᠱᠦ ᠰᠢᠶᠠ | ᠶᠠᠷᠢᠨ᠎ᠠ᠃ | ᠬᠤᠷᠴᠢᠨ ᠪᠠᠯᠭᠠᠰᠤᠨ ᠤ ᠰᠢᠨ ᠶᠤᠸᠠᠨ ᠲᠤᠰᠬᠤᠨ ᠤ ᠤᠳᠤ ᠦᠶ᠎ᠠ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠤᠷᠤᠨ ᠲᠤᠭᠤᠷᠢᠭ ᠤᠨ ᠬᠦᠯᠡᠮᠵᠢ ᠳᠤ ᠬᠡᠷᠬᠡᠨᠡᠭ ᠮᠦᠬᠦ ᠶᠢᠨ ᠤᠷᠭᠤᠯᠳᠠ ᠰᠠᠶᠢᠳᠠᠢ | ᠪᠠᠶᠢᠯ᠎ᠠ᠃ ᠬᠡᠷᠬᠡᠨᠡᠭ ᠮᠦᠬᠦ ᠪᠤᠯ ᠨᠢᠭᠡ ᠵᠦᠢᠯ ᠤᠨ ᠬᠤᠪᠤᠷ ᠴᠤᠬᠠᠭ ᠢᠳᠡᠭᠡᠨ ᠤ ᠮᠦᠬᠦ ᠪᠤᠯᠬᠤᠷ ᠵᠠᠬ᠎ᠠ | ᠲᠡᠯᠭᠡᠬᠦᠷ ᠤᠨ ᠱᠠᠭᠠᠷᠳᠠᠯᠭ᠎ᠠ ᠦᠨᠳᠤᠷ ᠮᠦᠷᠳᠡᠬᠡᠨ ᠠᠵᠤ ᠠᠬᠤᠢ ᠶᠢᠨ ᠦᠷ᠎ᠠ ᠠᠰᠢᠭ ᠦᠨᠳᠤᠷ ᠪᠢᠯᠠ᠃ ᠬᠤᠷᠴᠢᠨ | ᠪᠠᠯᠭᠠᠰᠤᠨ ᠤ ᠤᠨᠴᠠᠯᠢᠭᠳᠤ ᠪᠠᠶᠢᠭᠠᠯᠢ ᠶᠢᠨ ᠤᠷᠴᠢᠨ ᠪᠠ ᠭᠠᠵᠠᠷ ᠰᠢᠷᠤᠢ ᠶᠢᠨ ᠨᠦᠬᠦᠴᠠᠯ ᠨᠢ ᠬᠡᠷᠬᠡᠨᠡᠭ ᠮᠦᠬᠦ | ᠤᠷᠭᠤᠭᠤᠯᠬᠤ ᠳᠤ ᠲᠤᠬᠢᠷᠠᠮᠵᠢᠳᠠᠢ ᠪᠠᠶᠢᠵᠤ᠂ ᠲᠠᠷᠢᠵᠤ ᠤᠷᠭᠤᠭᠤᠯᠬᠤ ᠠᠴᠠ ᠦᠢᠯᠡᠳᠪᠤᠷᠢᠯᠡᠨ ᠪᠤᠷᠤᠯᠠᠭᠤᠯᠬᠤ | ᠬᠦᠷᠳᠡᠯ᠎ᠠ ᠨᠢᠭᠡ ᠴᠤᠭᠴᠠᠵᠢᠭᠰᠠᠨ ᠠᠵᠤ ᠦᠢᠯᠡᠰ ᠤᠨ ᠬᠦᠭᠵᠢᠯᠳᠠ ᠶᠢᠨ ᠲᠤᠭᠳᠠᠴᠠ ᠶᠢ ᠪᠤᠢ ᠪᠤᠯᠭᠠᠭᠰᠠᠨ ᠤ ᠬᠠᠮᠳᠤ | ᠲᠠᠷᠢᠮᠠᠯ ᠤᠨ ᠡᠷᠤᠬᠡ ᠶᠢᠨ ᠤᠷᠤᠯᠭ᠎ᠠ ᠶᠢ ᠨᠡᠮᠡᠭᠳᠡᠬᠦᠯᠵᠤ᠂ ᠬᠡᠰᠡᠭ ᠲᠤᠰᠬᠤᠨ ᠤ ᠠᠷᠠᠳ ᠤᠨ ᠠᠵᠢᠯ ᠤᠯᠬᠤ | ᠠᠰᠠᠭᠤᠳᠠᠯ ᠢ ᠰᠶᠢᠳᠪᠤᠷᠢᠯᠡᠪᠠ᠃ | ᠬᠢᠩᠭᠠᠨ ᠠᠶᠢᠮᠠᠭ ᠤᠨ ᠬᠤᠩ ᠾᠧ ᠲᠠᠷᠢᠶᠠᠯᠠᠩ ᠤᠨ ᠦᠢᠯᠡᠰ ᠤᠨ ᠬᠢᠵᠠᠭᠠᠷᠳᠤ ᠺᠤᠮᠫᠠᠨᠢ ᠶᠢᠨ ᠬᠡᠷᠡᠭ | ᠮᠡᠳᠡᠭᠴᠢᠳ ᠤᠨ ᠲᠠᠷᠤᠭ᠎ᠠ ᠵᠠᠩ ᠢᠥᠢ ᠬᠤᠩ᠄ ︽ᠪᠢ ᠪᠤᠯ ᠨᠢᠳᠤᠨᠤᠨ ᠵᠢᠯ ᠤᠨ 8 ᠰᠠᠷ᠎ᠠ ᠠᠴᠠ ᠡᠬᠢᠯᠡᠨ ᠬᠡᠷᠬᠡᠨᠡᠭ | ᠮᠦᠬᠦ ᠲᠠᠷᠢᠵᠤ᠂ ᠤᠳᠤ ᠨᠢᠭᠡᠨᠳᠠ ᠭᠤᠷᠪᠠᠳᠤᠭᠠᠷ ᠤᠳᠠᠭ᠎ᠠ ᠬᠤᠷᠢᠶᠠᠪᠠ᠃ ᠨᠡᠶᠢᠳᠠ 8000 ᠭᠠᠷᠤᠢ ᠵᠢᠩ | ᠬᠤᠳᠠᠯᠳᠤᠵᠤ᠂ ᠲᠦᠷᠪᠡᠳᠤᠭᠡᠷ ᠤᠳᠠᠭ᠎ᠠ ᠬᠤᠷᠢᠶᠠᠵᠤ ᠪᠠᠷᠠᠪᠠᠯ ᠨᠡᠶᠢᠳᠠ 100 ᠭᠠᠷᠤᠢ ᠲᠦᠮᠡᠨ ᠲᠦᠬᠦᠷᠢᠭ | ᠬᠤᠳᠠᠯᠳᠤᠵᠤ ᠲᠡᠶᠢᠯᠤᠨ᠎ᠠ︾ ᠭᠡᠵᠤ ᠪᠠᠶᠠᠷᠳᠠᠢ ᠶᠠᠷᠢᠨ᠎ᠠ᠃ | 2024 ᠤᠨ ᠳᠤ᠂ ᠡᠮᠤᠨᠡᠳᠤ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ | ᠪᠦᠳᠤᠮᠵᠢ ᠶᠢ ᠪᠠᠳᠤᠳᠬᠠᠬᠤ ᠶᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠠᠢ ᠪᠦᠳᠤᠮᠵᠢᠳᠠᠢ | ᠵᠤᠯᠭᠠᠭᠤᠯᠵᠤ᠂ ᠶᠠᠳᠠᠭᠤ ᠠᠴᠠ ᠠᠩᠬᠢᠵᠢᠷᠠᠭᠰᠠᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠠ ᠶᠢ ᠤᠯᠠᠮ ᠨᠢᠭᠡ | ᠠᠯᠬᠤᠮ ᠲᠡᠭᠡᠭᠰᠢᠯᠡᠬᠦᠯᠵᠠᠢ᠃ ᠤᠨᠴᠠᠯᠢᠭᠳᠤ ᠠᠵᠤ ᠦᠢᠯᠡᠰ ᠤᠨ ᠲᠠᠯ᠎ᠠ ᠪᠠᠷ᠂ 3.82 ᠳ᠋ᠦᠩᠰᠢᠭᠤᠷ ᠲᠦᠬᠦᠷᠢᠭ ᠤᠨ | ᠲᠦᠷᠪᠡᠡ ᠱᠠᠳᠤᠨ ᠤ ᠡᠳ᠋ ᠤᠨ ᠵᠠᠰᠠᠭ ᠲᠠᠢ ᠵᠤᠯᠭᠠᠭᠤᠯᠬᠤ ᠪᠡᠯᠡ ᠮᠦᠩᠬᠦ ᠤᠷᠤᠭᠤᠯᠵᠤ᠂ 93 ᠲᠦᠷᠤᠯ ᠵᠦᠢᠯ ᠢ | ᠬᠡᠷᠡᠭᠵᠢᠬᠦᠯᠤᠨ ᠪᠦᠬᠦ ᠠᠵᠤ ᠦᠢᠯᠡᠰ ᠤᠨ ᠬᠡᠯᠬᠢᠶᠡᠨ ᠤ ᠶᠠᠰᠤ ᠴᠢᠨᠠᠷ ᠢᠶᠠᠨ ᠲᠡᠭᠡᠭᠰᠢᠯᠡᠬᠦᠯᠤᠨ ᠦᠷ᠎ᠠ ᠠᠰᠢᠭ ᠢᠶᠠᠨ | ᠨᠡᠮᠡᠭᠳᠡᠬᠦᠯᠬᠦ ᠶᠢ ᠠᠬᠢᠭᠤᠯᠪᠠ᠃ ᠡᠬᠦᠨ ᠤ ᠬᠠᠮᠳᠤ᠂ ᠮᠠᠯᠴᠢᠨ ᠲᠠᠷᠢᠶᠠᠴᠢᠨ ᠢ ᠲᠠᠶᠢᠴᠢᠯᠠᠨ ᠤᠷᠤᠯᠭ᠎ᠠ ᠶᠢ ᠨᠢ | ᠨᠡᠮᠡᠭᠳᠡᠬᠦᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠤᠮᠵᠢ ᠪᠠᠨ ᠪᠠᠳᠤᠳᠬᠠᠨ᠂ | ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢ ᠠᠬᠢᠭᠤᠯᠤᠭᠰᠠᠨ ᠪᠠᠶᠢᠨ᠎ᠠ᠃ ᠯᠤ᠋ ᠪᠢᠨ ᠰᠧ ᠷᠤ᠋ | ᠮᠡᠳᠡᠭᠡᠯᠡᠪᠡ |