| 1 ᠰᠠᠷ᠎ᠠ ᠶᠢᠨ 13 ᠤ ᠡᠳᠦᠷ᠂ ᠪᠠᠶᠠᠨᠨᠠᠭᠤᠷ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ | ᠳᠡᠳ᠋ ᠳᠠᠷᠤᠭ᠎ᠠ ᠵᠠᠩ ᠶᠦᠩ ᠨᠡᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠢᠷᠡᠵᠦ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠤᠯᠲᠠ ᠵᠡᠷᠭᠡ | ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠢᠩᠭᠠᠨ ᠠᠶᠢᠮᠠᠭ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ᠂ ᠬᠤᠷᠴᠢᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠵᠡᠷᠭᠡ | ᠭᠠᠵᠠᠷ ᠢᠶᠠᠷ ᠲᠣᠭᠤᠷᠢᠨ ᠦᠵᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠲᠠ ᠬᠡᠯᠪᠡᠷᠢ ᠶᠢᠨ | ᠬᠤᠰᠢᠭᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠠᠭᠠᠭᠠᠴᠢᠯᠠᠨ ᠰᠦᠢᠳᠭᠡᠯ | ᠲᠤᠰᠢᠶᠠᠬᠤ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠤᠭᠳᠠᠴᠠ ᠪᠠ ᠡᠮ ᠡᠮᠨᠡᠯᠭᠡ ᠶᠢᠨ | ᠳᠠᠭᠠᠳᠬᠠᠯ ᠤᠨ ᠳ᠋ᠦᠩᠨᠡᠨ ᠪᠤᠳᠤᠬᠤ ᠠᠷᠭ᠎ᠠ ᠮᠠᠶ᠋ᠢᠭ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠰᠤᠮᠤ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ | ᠵᠠᠷᠤᠳᠠᠯ ᠢ ᠰᠢᠭᠤᠳ ᠳ᠋ᠦᠩᠨᠡᠨ ᠪᠤᠳᠤᠬᠤ᠂ ᠨᠢᠭᠡ ᠴᠤᠭᠴᠠᠵᠢᠭᠤᠯᠤᠨ ᠬᠠᠮᠢᠶᠠᠷᠬᠤ ᠠᠬᠢᠴᠠ ᠪᠠ ᠡᠮ ᠤᠨ ᠵᠦᠢᠯ ᠢ | ᠬᠤᠳᠠᠯᠳᠤᠨ ᠠᠪᠬᠤ ᠬᠠᠮᠢᠶᠠᠷᠤᠯᠲᠠ ᠵᠡᠷᠭᠡ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ | ᠰᠢᠨᠵᠢᠯᠡᠨ ᠪᠠᠶᠢᠴᠠᠭᠠᠬᠤ ᠶᠠᠪᠤᠴᠠ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠣᠳᠣᠬᠢ ᠪᠠᠶᠢᠳᠠᠯ᠂ ᠡᠮ ᠬᠡᠷᠡᠭᠯᠡᠬᠦ᠂ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠵᠢᠴᠢ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠬᠡᠷᠡᠭᠵᠢᠭᠦᠯᠦᠯᠲᠡ᠂ ᠬᠠᠮᠢᠶᠠᠷᠤᠯᠲᠠ ᠶᠢᠨ ᠵᠠᠭᠪᠤᠷ ᠵᠡᠷᠭᠡ ᠲᠠᠯ᠎ᠠ ᠶᠢᠨ ᠦᠢᠯᠡᠳᠦᠯᠭᠡ ᠶᠢᠨ ᠦᠷ᠎ᠡ | ᠪᠦᠲᠦᠭᠡᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠭᠰᠠᠨ ᠪᠥᠭᠡᠳ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠣᠯᠤᠭᠰᠠᠨ | ᠠᠮᠵᠢᠯᠲᠠ ᠪᠦᠲᠦᠮᠵᠢ ᠶᠢ ᠭᠦᠢᠴᠡᠳ ᠨᠤᠲᠠᠯᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ᠂ ᠬᠤᠶᠠᠷ | ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠣᠷᠣᠨ ᠪᠦᠰᠡ ᠶᠢᠨ ᠨᠢᠭᠲᠠ | ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠮ | ᠡᠮᠨᠡᠯᠭᠡ ᠶᠢᠨ ᠪᠠᠶᠢᠭᠤᠯᠤᠮᠵᠢ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠬᠠᠷᠢᠯᠴᠠᠨ ᠰᠤᠷᠤᠯᠴᠠᠵᠤ | ᠬᠠᠷᠢᠯᠴᠠᠨ ᠲᠤᠯᠢ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠲᠤᠪᠠᠷ ᠠᠬᠢᠭᠤᠯᠵᠤ᠂ ᠬᠤᠶᠠᠷ ᠭᠠᠵᠠᠷ ᠤᠨ ᠳᠠᠭᠠᠳᠬᠠᠯ ᠳᠤ ᠣᠷᠣᠯᠴᠠᠭᠰᠠᠨ ᠤᠯᠠᠨ ᠲᠦᠮᠡᠨ ᠳᠤ ᠨᠡᠩ ᠴᠢᠨᠠᠷ | ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ | ᠬᠠᠩᠭᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ |