| ᠤᠶᠢᠷ᠎ᠠ ᠶᠢᠨ ᠡᠳᠦᠷ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡᠨ ᠤ ᠪᠦᠯᠬᠦᠮ ᠠᠯᠳᠠᠷ ᠰᠤᠮᠤᠨ ᠤ ᠱᠤᠸᠠᠩ ᠹᠠ ᠭᠠᠴᠠᠭ᠎ᠠ ᠪᠠᠷ ᠬᠦᠷᠴᠦ ᠠᠯᠪᠠᠨ ᠵᠢᠷᠤᠮ ᠤᠨ | ᠡᠮᠴᠢᠯᠡᠭᠡᠨ ᠦᠷᠨᠢᠬᠦᠯᠵᠦ᠂ ᠡᠷᠡᠬᠦᠯ ᠮᠡᠨᠳᠦ ᠪᠤᠯᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠡᠬᠦᠳᠡᠨ ᠳᠤ | ᠬᠦᠷᠭᠡᠵᠠᠢ᠃ | ︽ᠡᠨᠡ ᠭᠡᠳᠤᠨ ᠡᠳᠦᠷ ᠳᠤᠯᠤᠭᠠᠢ ᠡᠪᠡᠳᠴᠦ ᠪᠡᠶ᠎ᠠ ᠡᠪ ᠦᠭᠡᠶᠢᠷᠡᠵᠦ᠂ ᠶᠠᠬ ᠬᠤᠰᠢᠭᠤᠨ ᠤ ᠡᠮᠨᠡᠯᠭᠡ ᠶᠢᠨ | ᠬᠤᠷᠢᠶ᠎ᠠ ᠪᠠᠷ ᠬᠦᠷᠴᠦ ᠡᠮᠴᠢᠯᠡᠬᠦᠯᠦᠶᠠ ᠭᠡᠵᠦ ᠪᠤᠳᠤᠵᠦ ᠪᠠᠶᠢᠯ᠎ᠠ᠂ ᠬᠤᠰᠢᠭᠤᠨ ᠤ ᠠᠷᠠᠳ ᠤᠨ ᠡᠮᠨᠡᠯᠭᠡ ᠶᠢᠨ | ᠬᠤᠷᠢᠶ᠎ᠠ ᠶᠢᠨ ᠳᠤᠰᠬᠠᠢ ᠮᠡᠷᠭᠡᠵᠢᠯᠳᠡᠨ ᠢᠷᠡᠵᠦ ᠠᠯᠪᠠᠨ ᠵᠢᠷᠤᠮ ᠤᠨ ᠡᠮᠴᠢᠯᠡᠭᠡᠨ ᠬᠢᠵᠦ ᠦᠨᠡᠭᠡᠷ ᠲᠦᠬᠦᠮ | ᠦᠵᠡᠬᠦᠯᠵᠠᠢ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠯᠳᠠᠷ ᠰᠤᠮᠤ ᠶᠢᠨ ᠱᠤᠸᠠᠩ ᠹᠠ | ᠭᠠᠴᠠᠭ᠎ᠠ ᠶᠢᠨ ᠠᠷᠠᠳ ᠸᠠᠩ ᠢᠤᠢ ᠵᠦᠡᠭ ᠬᠠᠨᠤᠮᠵᠢᠳᠠᠶᠢᠬᠠᠨ ᠶᠠᠷᠢᠨ᠎ᠠ᠃ | ᠡᠮᠴᠢᠯᠡᠭᠡᠨ ᠤ ᠳᠤᠬᠠᠢ ᠶᠢᠨ ᠳᠠᠯᠠᠪᠤᠷ ᠲᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ ᠶᠢᠨ ᠵᠢᠷᠦᠭᠡ ᠳᠠᠷᠢᠬᠢᠨ ᠰᠤᠳᠠᠯ ᠤᠨ ᠰᠠᠯᠠᠭ᠎ᠠ᠂ ᠨᠢᠳᠤᠨ ᠤ ᠰᠠᠯᠠᠭ᠎ᠠ᠂ ᠭᠠᠳᠠᠷ | ᠰᠠᠯᠠᠭ᠎ᠠ ᠵᠡᠷᠭᠡ ᠶᠢᠨ ᠳᠤᠰᠬᠠᠢ ᠮᠡᠷᠭᠡᠵᠢᠯᠳᠡᠳ ᠡᠪᠡᠳᠴᠢᠨ ᠦᠵᠡᠬᠦᠯᠬᠦ ᠪᠠᠷ ᠢᠷᠡᠭᠰᠡᠨ ᠭᠠᠴᠠᠭᠠᠨ ᠤ ᠠᠷᠠᠳ ᠲᠤ | ᠬᠠᠯᠠᠭᠤᠮᠰᠤᠬ ᠢᠶᠠᠷ ᠦᠢᠯᠡᠴᠢᠯᠡᠵᠦ᠂ ᠨᠠᠷᠢᠨ ᠬᠢᠨᠠᠮᠠᠭᠠᠢ ᠪᠠᠷ ᠪᠡᠶ᠎ᠠ ᠶᠢᠨ ᠪᠠᠶᠢᠴᠠᠭᠠᠯᠳᠠ ᠬᠢᠵᠦ᠂ ᠡᠪᠡᠳᠴᠢᠨ ᠤ | ᠪᠠᠶᠢᠳᠡᠯ ᠵᠢᠴᠢ ᠡᠮᠨᠡᠨ ᠵᠠᠰᠠᠵᠦ ᠠᠷᠠᠴᠢᠯᠡᠨ ᠰᠤᠪᠢᠯᠠᠬᠤ ᠠᠷᠭ᠎ᠠ ᠶᠢ ᠨᠠᠷᠢᠯᠢᠬ ᠰᠠᠶᠢᠬᠠᠨ ᠳᠠᠶᠢᠯᠪᠤᠷᠢᠯᠠᠵᠤ᠂ ᠳᠤᠰᠬᠠᠢ | ᠮᠡᠷᠭᠡᠵᠢᠯ ᠤᠨ ᠵᠢᠭᠠᠨ ᠵᠢᠯᠤᠭᠤᠳᠤᠮᠵᠢ ᠬᠠᠨᠭ᠍ᠭᠠᠵᠠᠢ᠃ ᠡᠬᠦᠨ ᠠᠴᠠ ᠭᠠᠳᠠᠨ᠎ᠠ᠂ ᠳᠤᠰᠬᠠᠢ ᠮᠡᠷᠭᠡᠵᠢᠯᠳᠡᠳ ᠪᠠᠰᠠ | ᠬᠦᠳᠡᠯᠵᠦ ᠪᠠᠷᠢᠬᠤ ᠳᠠᠭᠠᠨ ᠲᠦᠬᠦᠮ ᠦᠭᠡᠢ᠂ ᠵᠡᠮᠳᠡᠭ ᠪᠠᠭᠤᠷᠠᠢ ᠨᠠᠰᠤᠳᠠᠶᠢᠴᠤᠳ ᠤᠨ ᠭᠡᠷ ᠢᠶᠠᠷ ᠬᠦᠷᠴᠦ᠂ | ᠳᠡᠳᠡᠨᠡᠷ ᠤᠨ ︽ᠭᠡᠷ ᠠᠴᠠ ᠪᠠᠨ ᠭᠠᠷᠴᠦ ᠡᠪᠡᠳᠴᠢᠨ ᠦᠵᠡᠬᠦᠯᠬᠦ ᠳᠤ ᠬᠦᠴᠢᠷ︾ ᠠᠰᠠᠭᠤᠳᠠᠯ ᠢ ᠰᠶᠢᠳᠪᠦᠷᠢᠯᠡᠪᠡ᠃ | ︵ᠰᠦᠨ ᠯᠢᠦ︶ |