| 1 ᠰᠠᠷ᠎ᠠ ᠶᠢᠨ 15 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ ᠨᠠᠷ ᠠᠵᠢᠯ ᠠᠴᠠ ᠪᠠᠨ ᠠᠮᠠᠷᠠᠭᠰᠠᠨ | ᠬᠡᠰᠡᠭ ᠠᠬᠠᠮᠠᠳ ᠺᠠᠳ᠋ᠷ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ᠂ ᠬᠤᠲᠠ ᠪᠠᠯᠭᠠᠰᠤᠨ ᠤ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭᠠᠳᠤ ᠡᠷᠦᠬᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠤ | ᠬᠡᠷ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠢᠶᠠᠷ | ᠭᠦᠨᠵᠡᠭᠡᠶᠢᠷᠡᠵᠦ᠂ ᠴᠠᠭᠠᠨ ᠰᠠᠷ᠎ᠠ ᠠᠴᠠ ᠡᠮᠦᠨᠡᠬᠢ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ | ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠦᠩ ᠱᠠᠨ ᠬᠠᠮᠲᠤ ᠪᠠᠷ | ᠲᠣᠬᠤᠨᠢᠭᠤᠯᠬᠤ ᠠᠵᠢᠯᠯᠠᠭ᠎ᠠ ᠳᠤ ᠣᠷᠣᠯᠴᠠᠵᠠᠢ᠃ | ᠲᠤᠬᠤᠨᠢᠭᠤᠯᠬᠤ ᠠᠵᠢᠯᠯᠠᠭ᠎ᠠ ᠳᠤ᠂ ᠰᠦᠨ ᠱᠦ ᠲᠤᠤ ᠨᠠᠷ ᠬᠦᠷᠦᠭᠰᠡᠨ ᠭᠠᠵᠠᠷ ᠪᠣᠯᠭᠠᠨ ᠳᠤ ᠺᠠᠳ᠋ᠷ ᠤᠯᠠᠨ | ᠲᠦᠮᠡᠨ ᠲᠠᠢ ᠰᠠᠨᠠᠯ ᠢᠶᠠᠨ ᠰᠣᠯᠢᠯᠴᠠᠵᠤ᠂ ᠳᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ | ᠬᠦᠷᠭᠡᠵᠦ᠂ ᠪᠠᠶᠠᠷ ᠤᠨ ᠡᠳᠦᠷ ᠤᠨ ᠭᠦᠨ ᠵᠤᠵᠠᠭᠠᠨ ᠬᠦᠰᠡᠯ ᠵᠥᠩᠨᠡᠯ ᠢ ᠳᠡᠪᠰᠢᠭᠦᠯᠭᠦ ᠶᠢᠨ ᠬᠠᠮᠲᠤ ᠠᠬᠠᠮᠠᠳ | ᠺᠠᠳ᠋ᠷᠴᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠴᠠᠢ᠃ | ᠰᠦᠨ ᠱᠦ ᠲᠤᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠷᠭᠡᠨ ᠤᠯᠠᠨ ᠮᠠᠯᠴᠢᠨ ᠲᠠᠷᠢᠶᠠᠴᠢᠨ ᠤ | ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠡᠯ᠎ᠡ ᠵᠦᠢᠯ ᠤᠨ | ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠪᠤᠳᠠᠳᠠᠢ ᠠᠰᠠᠭᠤᠳᠠᠯ ᠢ ᠰᠢᠢᠳᠪᠤᠷᠢᠯᠡᠨ᠂ ᠤᠯᠠᠨ ᠲᠦᠮᠡᠨ ᠳᠤ ᠨᠠᠮ ᠪᠣᠯᠤᠨ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠵᠦ᠂ ᠠᠷᠠᠳ ᠤᠯᠠᠨ ᠤ ᠠᠮᠤᠷ ᠠᠮᠤᠭᠤᠯᠠᠩ ᠵᠣᠯ | ᠵᠢᠷᠭᠠᠯ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠰᠦᠨ ᠱᠦ ᠲᠤᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ | ᠲᠤ ᠡᠮᠦᠨ᠎ᠡ ᠹᠷᠣᠨᠲ ᠤᠨ ᠪᠦᠬᠦ ᠰᠤᠷᠪᠤᠯᠵᠢᠯᠠᠭᠴᠢ ᠶᠢ ᠡᠷᠬᠢᠨ ᠦᠵᠡᠵᠦ ᠲᠣᠬᠤᠨᠢᠭᠤᠯᠵᠠᠢ᠃ ᠪᠠᠰᠠ ᠰᠣᠨᠢᠨ ᠮᠡᠳᠡᠭᠡ | ᠦᠢᠯᠡᠳᠬᠦ ᠶᠠᠪᠤᠴᠠ ᠪᠣᠯᠤᠨ ᠬᠠᠮ ᠵᠠᠭᠤᠴᠢᠯᠠᠭᠤᠷ ᠤᠨ ᠲᠥᠪ ᠤᠨ ᠪᠦᠬᠦᠯᠢ ᠴᠣᠭᠴᠠ ᠶᠢᠨ ᠠᠵᠢᠯᠯᠠᠭᠠᠨ ᠤ | ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ ᠣᠶᠢᠯᠠᠭᠠᠨ᠂ ᠰᠣᠨᠢᠨ ᠮᠡᠳᠡᠭᠡᠨ ᠤ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠣᠨᠣᠰᠴᠤ᠂ ᠪᠦᠬᠦ ᠺᠠᠳ᠋ᠷ ᠠᠵᠢᠯᠲᠠᠳ ᠢ ᠵᠣᠷᠢᠭ ᠢᠶᠠᠨ ᠬᠥᠪᠴᠢᠯᠡᠨ | ᠶᠡᠭᠡ ᠲᠠᠯ᠎ᠠ ᠶᠢ ᠡᠵᠡᠮᠳᠡᠵᠦ᠂ ᠰᠣᠨᠢᠨ ᠮᠡᠳᠡᠭᠡᠨ ᠤ ᠠᠮᠢᠵᠢᠷᠠᠯ ᠤᠨ ᠬᠦᠴᠦᠨ ᠢ ᠴᠢᠨᠠᠭᠰᠢᠳᠠ ᠪᠠᠳᠠᠷᠠᠭᠤᠯᠬᠤ ᠶᠢ | ᠵᠣᠷᠢᠭᠵᠢᠭᠤᠯᠬᠤ ᠶᠢᠨ ᠬᠠᠮᠲᠤ ᠤᠯᠠᠨ ᠳᠤ ᠴᠠᠭᠠᠨ ᠰᠠᠷ᠎ᠠ ᠶᠢᠨ ᠵᠥᠩᠨᠡᠯ ᠪᠠ ᠮᠡᠨᠳᠦᠴᠢᠯᠡᠯ ᠬᠦᠷᠭᠡᠵᠡᠢ᠃ |