| — ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ | ᠨᠡᠶᠢᠭᠡᠮᠯᠢᠭ ᠤᠨ ᠲᠤᠬᠠᠢ ᠲᠤᠰᠬᠠᠢ ᠰᠤᠷᠪᠤᠯᠵᠢᠯᠠᠭ᠎ᠠ | ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ ᠨᠡᠶᠢᠬᠡᠮᠯᠢᠭ | ᠪᠠᠶᠢᠭᠤᠯᠤᠬᠳᠠᠬᠰᠠᠨ ᠠᠷᠪᠠᠭᠠᠳ ᠵᠢᠯ ᠤᠨ ᠲᠤᠷᠰᠢ᠂ ᠲᠤᠮᠳᠠᠳᠤ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠳᠤ | ᠰᠤᠶᠤᠯ ᠢ ᠤᠯᠠᠮᠵᠢᠯᠠᠨ ᠪᠠᠳᠠᠷᠠᠭᠤᠯᠵᠦ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠳᠤ | ᠦᠢᠯᠡᠴᠢᠯᠡᠬᠦ ᠵᠠᠷᠴᠢᠮ ᠢ ᠢᠮᠠᠬᠳᠠ ᠪᠠᠷᠢᠮᠳᠠᠯᠠᠵᠦ᠂ ᠬᠦᠳᠡᠭᠡ ᠲᠤᠰᠬᠤᠨ ᠮᠠᠯᠵᠢᠬᠤ ᠤᠷᠤᠨ᠂ ᠬᠤᠳᠠ ᠪᠠᠯᠭᠠᠰᠦ | ᠨᠡᠶᠢᠬᠡᠮ ᠲᠤᠭᠤᠷᠢᠭ᠂ ᠬᠢᠯᠢ ᠶᠢᠨ ᠰᠡᠷᠬᠡᠶᠢᠯᠡᠯᠳᠡ ᠶᠢᠨ ᠬᠠᠷᠠᠭᠤᠯ ᠤᠨ ᠭᠠᠵᠠᠷ᠂ ᠨᠠᠰᠦᠳᠠᠨ ᠢ ᠠᠰᠠᠷᠠᠬᠤ ᠬᠦᠷᠢᠶᠡᠯᠡᠩ | ᠵᠡᠷᠭᠡ ᠭᠠᠵᠠᠷ ᠢᠶᠠᠷ ᠤᠯᠠᠨᠳᠠ ᠬᠦᠨᠵᠡᠬᠡᠶᠢᠷᠡᠨ᠂ ᠰᠤᠶᠤᠯ ᠢᠶᠠᠷ ᠠᠷᠠᠳ ᠢ ᠬᠠᠷᠠᠭᠠᠯᠵᠠᠬᠤ ᠲᠤᠬᠤᠨᠢᠭᠤᠯᠭ᠎ᠠ ᠶᠢᠨ | ᠲᠤᠬᠯᠠᠯᠳᠠ ᠭᠠᠷᠭᠠᠵᠦ᠂ ᠠᠷᠠᠳ ᠤᠯᠠᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠤᠬᠰᠠᠭᠠᠷ ᠢᠷᠡᠵᠡᠢ᠃ | 2024 ᠤᠨ ᠳᠤ᠂ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠦᠷᠪᠡᠨ ᠤᠳᠠᠰᠤᠳᠤ | ᠬᠤᠭᠤᠷ ᠤᠨ ᠨᠡᠶᠢᠬᠡᠮᠯᠢᠭ ᠤᠨ ᠡᠯ᠎ᠡ ᠲᠠᠯ᠎ᠠ ᠶᠢᠨ ᠠᠵᠢᠯ ᠦᠷᠨᠢᠩᠬᠦᠢ ᠬᠦᠭᠵᠢᠯᠳᠡ ᠲᠠᠢ ᠪᠤᠯᠪᠠ᠃ ᠲᠤᠰ ᠨᠡᠶᠢᠬᠡᠮᠯᠢᠭ | ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠤᠭ ᠲᠠᠯᠪᠠᠭ᠎ᠠ ᠪᠠᠨ ᠦᠨᠳᠦᠷ ᠮᠠᠨᠳᠤᠭᠤᠯᠵᠦ᠂ ᠠᠷᠠᠳ ᠤᠨ | ᠰᠡᠳᠬᠢᠯ ᠢ ᠨᠢᠬᠳᠠᠷᠠᠭᠤᠯᠤᠨ᠂ ᠰᠢᠨ᠎ᠠ ᠬᠦᠮᠦᠨ ᠢ ᠬᠦᠮᠦᠵᠢᠬᠦᠯᠵᠦ᠂ ᠰᠤᠶᠤᠯ ᠢ ᠬᠦᠭᠵᠢᠬᠦᠯᠬᠦ᠂ ᠲᠦᠷᠢ ᠲᠦᠷᠬᠦ ᠶᠢ | ᠱᠤᠭᠤᠬᠤ ᠪᠠᠷ ᠡᠬᠦᠷᠭᠡ ᠬᠠᠷᠢᠭᠤᠴᠠᠯᠭ᠎ᠠ ᠪᠠᠨ ᠵᠤᠷᠢᠬᠳᠠᠢ ᠪᠠᠷ ᠡᠬᠦᠷᠭᠡᠯᠡᠵᠦ᠂ ᠤᠯᠠᠭᠠᠨᠮᠦ᠋ᠴᠢᠷ ᠤᠨ ᠬᠡᠰᠢᠬᠦᠳ ᠤᠨ | ᠰᠠᠯᠬᠢ ᠰᠢᠭᠤᠷᠭ᠎ᠠ ᠶᠢ ᠰᠦᠷᠦᠨ᠂ ᠬᠠᠬᠢᠷ ᠬᠦᠢᠳᠡᠨ ᠠᠭᠠᠬᠢᠮ᠎ᠠ ᠬᠠᠯᠠᠭᠤᠨ ᠢ ᠬᠠᠶᠢᠬᠤᠷᠤᠯ ᠦᠬᠡᠢ ᠠᠷᠠᠳ | ᠲᠦᠮᠡᠨ ᠳᠤ ᠦᠢᠯᠡᠴᠢᠯᠡᠬᠦ᠂ ᠨᠡᠶᠢᠬᠡᠮ ᠵᠢᠷᠦᠮ ᠳᠤ ᠦᠢᠯᠡᠴᠢᠯᠡᠬᠦ ᠵᠤᠷᠢᠯᠳᠠ ᠶᠢ ᠢᠮᠠᠬᠳᠠ ᠪᠠᠷᠢᠮᠳᠠᠯᠠᠵᠦ᠂ | ᠨᠡᠶᠢᠬᠡᠮ ᠤᠨ ᠡᠯ᠎ᠡ ᠡᠳᠡᠭᠡᠳ ᠤᠨ ᠬᠦᠴᠦᠳᠡᠢ ᠲᠡᠮᠵᠢᠯᠬᠡ ᠲᠤᠤᠷ᠎ᠠ ᠡᠯ᠎ᠡ ᠵᠦᠢᠯ ᠤᠨ ᠠᠵᠢᠯ ᠢᠶᠠᠨ ᠠᠮᠵᠢᠯᠳᠠ | ᠲᠦᠬᠦᠷᠡᠩ ᠪᠡᠶᠡᠯᠡᠬᠦᠯᠵᠡᠢ᠃ 2024 ᠤᠨ ᠤ 3 ᠰᠠᠷ᠎ᠠ ᠳᠤ᠂ ᠡᠮᠦᠨᠡᠳᠤ ᠬᠤᠰᠢᠭᠤᠨ ᠤ ᠲᠦᠷᠪᠡᠨ ᠤᠳᠠᠰᠤᠳᠤ | ᠬᠤᠭᠤᠷ ᠤᠨ ᠨᠡᠶᠢᠬᠡᠮᠯᠢᠭ ᠤᠯᠠᠭᠠᠨᠮᠦ᠋ᠴᠢᠷ ᠤᠨ ᠤᠷᠳᠤᠨ ᠳᠤ ︽3 · 8︾ ᠤ ᠲᠡᠯᠡᠬᠡᠢ ᠶᠢᠨ ᠡᠮᠡᠭᠳᠡᠶᠢᠴᠤᠳ ᠤᠨ | ᠪᠠᠶᠠᠷ ᠢ ᠪᠡᠯᠬᠡᠯᠡᠬᠦ ᠲᠤᠬᠤᠨᠢᠭᠤᠯᠭ᠎ᠠ ᠶᠢᠨ ᠲᠤᠬᠯᠠᠯᠳᠠ ᠦᠷᠨᠢᠬᠦᠯᠵᠦ᠂ ᠪᠦᠬᠦ ᠠᠶᠢᠮᠠᠭ ᠤᠨ ᠡᠮᠡᠭᠳᠡᠶᠢᠴᠤᠳ ᠲᠤ | ᠪᠡᠶᠡᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠲᠡᠳᠡᠨ ᠳᠤ ᠪᠠᠶᠠᠷ ᠤᠨ ᠡᠳᠦᠷ ᠤᠨ ᠪᠠᠶᠠᠷ ᠪᠠᠶᠠᠰᠦᠯ ᠤᠯᠭᠤᠬᠰᠠᠨ | ᠪᠠᠶᠢᠨ᠎ᠠ᠃ 2024 ᠤᠨ ᠤ 7 ᠰᠠᠷ᠎ᠠ ᠳᠤ᠂ ︽ᠤᠭ ᠰᠠᠨᠠᠭ᠎ᠠ ᠪᠠᠨ ᠦᠯᠦ ᠮᠠᠷᠳᠠᠵᠦ᠂ ᠰᠡᠳᠬᠢᠯ ᠨᠢᠬᠳᠠᠷᠠᠨ | ᠡᠷᠡᠯᠬᠡᠭᠯᠡᠨ ᠤᠷᠤᠬᠰᠢᠯᠠᠵᠦ᠂ ᠤᠮᠠᠷᠠᠳᠤ ᠬᠢᠯᠢ ᠪᠠᠨ ᠮᠠᠬᠳᠠᠨ ᠲᠠᠭᠤᠯᠠᠶ᠎ᠠ︾᠂ ︽7 · 1︾ ᠤ ᠨᠠᠮ | ᠪᠠᠶᠢᠭᠤᠯᠤᠬᠳᠠᠬᠰᠠᠨ ᠪᠠᠶᠠᠷ ᠤᠨ ᠡᠳᠦᠷ ᠢ ᠪᠡᠯᠬᠡᠯᠡᠬᠦ ᠲᠤᠰᠬᠠᠢ ᠲᠠᠯᠠᠪᠦᠷ ᠤᠨ ᠲᠤᠬᠯᠠᠯᠳᠠ ᠦᠷᠨᠢᠬᠦᠯᠵᠦ᠂ ᠠᠭᠤᠤ | ᠶᠡᠭᠡ ᠡᠪ ᠬᠠᠮᠳᠤ ᠨᠠᠮ ᠤᠨ ᠠᠴᠢ ᠡᠨᠡᠷᠢᠯ ᠢ ᠮᠠᠬᠳᠠᠨ ᠲᠠᠭᠤᠯᠠᠵᠠᠢ᠃ 2024 ᠤᠨ ᠤ 7 ᠰᠠᠷ᠎ᠠ ᠳᠤ᠂ ᠬᠢᠨᠭ᠍ᠭᠠᠨ | ᠠᠶᠢᠮᠠᠭ ᠤᠨ ᠨᠠᠭᠠᠳᠦᠮ ᠤᠨ ᠰᠢᠷᠢᠰ ᠠᠵᠢᠯᠯᠠᠭ᠎ᠠ ᠳᠤ ᠤᠷᠤᠯᠴᠠᠵᠦ ᠲᠤᠰᠬᠠᠢ ᠲᠠᠯᠠᠪᠦᠷ ᠤᠨ ᠲᠤᠬᠯᠠᠯᠳᠠ ᠭᠠᠷᠭᠠᠵᠦ᠂ | ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠵᠢᠭᠤᠯᠴᠢᠯᠠᠬᠴᠢᠳ ᠤᠨ ᠬᠠᠷᠠᠭ᠎ᠠ ᠰᠤᠨᠤᠷ ᠢ ᠪᠠᠶᠠᠰᠬᠠᠵᠦ᠂ | ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠷᠢᠳᠢ ᠰᠢᠳᠢ ᠶᠢ ᠤᠯᠠᠨ ᠳᠤ ᠮᠡᠳᠡᠷᠡᠬᠦᠯᠵᠡᠢ᠃ 2024 | ᠤᠨ ᠤ 8 ᠰᠠᠷ᠎ᠠ ᠠᠴᠠ ᠡᠬᠢᠯᠡᠨ᠂ ︽ᠰᠢ ᠵᠦᠴᠦᠬᠡ ᠶᠢ ᠬᠦᠳᠡᠭᠡ ᠲᠤᠰᠬᠤᠨ ᠳᠤ ᠬᠦᠷᠬᠡᠬᠦ︾ ᠰᠤᠶᠤᠯ ᠢᠶᠠᠷ | ᠠᠷᠠᠳ ᠢ ᠬᠠᠷᠠᠭᠠᠯᠵᠠᠬᠤ ᠲᠤᠬᠯᠠᠯᠳᠠ ᠶᠢ ᠨᠡᠶᠢᠬᠡᠮ ᠲᠤᠭᠤᠷᠢᠭ᠂ ᠬᠦᠳᠡᠭᠡ ᠲᠤᠰᠬᠤᠨ ᠢᠶᠠᠷ ᠬᠦᠨᠵᠡᠬᠡᠶᠢᠷᠡᠨ | ᠦᠷᠨᠢᠬᠦᠯᠵᠦ᠂ ᠤᠯᠠᠨ ᠲᠦᠮᠡᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠵᠠᠢ᠃ | ᠡᠮᠦᠨᠡᠳᠤ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ ᠨᠡᠶᠢᠬᠡᠮᠯᠢᠭ ᠤᠨ ᠡᠯ᠎ᠡ ᠬᠤᠪᠢᠶᠠᠷᠢ | ᠨᠡᠶᠢᠬᠡᠮᠯᠢᠭ ᠤᠨ ᠬᠡᠰᠢᠬᠦᠳ ᠠᠵᠢᠯ ᠢᠶᠠᠨ ᠨᠠᠷᠢᠯᠢᠭ ᠪᠠᠶᠢᠷᠢᠯᠠᠭᠤᠯᠵᠦ᠂ ᠨᠢᠬᠡᠨᠳᠡ ᠡᠯ᠎ᠡ ᠰᠤᠮᠤ ᠰᠢᠶᠠᠩ ᠪᠠᠯᠭᠠᠰᠦ ᠶᠢᠨ | ᠰᠤᠶᠤᠯ ᠤᠨ ᠡᠩᠨᠡᠭᠡ ᠶᠢᠨ ᠭᠤᠤᠯᠯᠠᠬᠴᠢ ᠬᠦᠴᠦᠨ ᠪᠤᠯᠵᠠᠢ᠃ ᠲᠡᠳᠡ ᠦᠷᠬᠦᠯᠵᠢ ᠡᠯ᠎ᠡ ᠭᠠᠴᠠᠭ᠎ᠠ ᠲᠤᠰᠬᠤᠨ ᠢᠶᠠᠷ | ᠬᠦᠨᠵᠡᠬᠡᠶᠢᠷᠡᠨ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠳᠤ ᠢᠳᠡᠪᠬᠢᠳᠡᠢ ᠤᠷᠤᠯᠴᠠᠵᠦ᠂ ᠰᠤᠮᠤ ᠰᠢᠶᠠᠩ | ᠪᠠᠯᠭᠠᠰᠦ ᠶᠢᠨ ᠰᠤᠶᠤᠯ ᠤᠨ ᠬᠦᠭᠵᠢᠯᠳᠡ ᠳᠤ ᠠᠬᠢᠭᠤᠯᠬᠤ ᠦᠢᠯᠡᠳᠦᠯ ᠦᠵᠡᠬᠦᠯᠵᠡᠢ᠃ 2024 ᠤᠨ ᠤ 12 | ᠰᠠᠷ᠎ᠠ ᠳᠤ᠂ ᠡᠮᠦᠨᠡᠳᠤ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ ᠨᠡᠶᠢᠬᠡᠮᠯᠢᠭ ᠤᠨ ᠬᠤᠭᠤᠴᠠᠭ᠎ᠠ ᠰᠤᠯᠢᠬᠤ | ᠬᠤᠷᠠᠯ ᠵᠢᠴᠢ ᠭᠤᠷᠪᠠᠳᠤᠭᠠᠷ ᠤᠳᠠᠭᠠᠨ ᠤ ᠬᠡᠰᠢᠬᠦᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠦ | ᠂ 2024 ᠤᠨ ᠤ ᠲᠦᠷᠪᠡᠨ ᠤᠳᠠᠰᠤᠳᠤ ᠬᠤᠭᠤᠷ ᠤᠨ ᠨᠡᠶᠢᠬᠡᠮᠯᠢᠭ ᠤᠨ ᠡᠯ᠎ᠡ ᠵᠦᠢᠯ ᠤᠨ ᠠᠵᠢᠯ ᠳᠠᠭᠠᠨ | ᠳ᠋ᠦᠡᠭᠨᠡᠯᠳᠡ ᠬᠢᠵᠦ᠂ ᠢᠷᠡᠭᠡᠳᠦᠢ ᠶᠢᠨ ᠠᠵᠢᠯ ᠳᠠᠭᠠᠨ ᠪᠠᠶᠢᠷᠢᠯᠠᠭᠤᠯᠤᠯᠳᠠ ᠬᠢᠵᠡᠢ᠃ ᠡᠮᠦᠨᠡᠳᠤ ᠬᠤᠰᠢᠭᠤᠨ ᠤ | ᠲᠦᠷᠪᠡᠨ ᠤᠳᠠᠰᠤᠳᠤ ᠬᠤᠭᠤᠷ ᠤᠨ ᠨᠡᠶᠢᠬᠡᠮᠯᠢᠭ ᠤᠨ ᠬᠡᠰᠢᠬᠦᠳ ᠨᠢᠬᠳᠠᠷᠠᠨ ᠪᠦᠯᠬᠦᠮᠳᠡᠵᠦ᠂ ᠵᠢᠯ ᠲᠤᠷᠰᠢ ᠬᠦᠳᠡᠭᠡ | ᠲᠤᠰᠬᠤᠨ ᠮᠠᠯᠵᠢᠬᠤ ᠤᠷᠤᠨ᠂ ᠬᠤᠳᠠ ᠪᠠᠯᠭᠠᠰᠦ ᠨᠡᠶᠢᠬᠡᠮ ᠲᠤᠭᠤᠷᠢᠭ ᠢᠶᠠᠷ ᠬᠦᠨᠵᠡᠬᠡᠶᠢᠷᠡᠨ᠂ ᠰᠤᠶᠤᠯ ᠤᠷᠠᠯᠢᠭ ᠢ | ᠠᠷᠠᠳ ᠲᠦᠮᠡᠨ ᠤ ᠡᠬᠦᠳᠡᠨ ᠳᠤ ᠬᠦᠷᠭᠡᠵᠦ᠂ ᠲᠡᠳᠡᠨ ᠤ ᠠᠮᠢᠳᠦᠷᠠᠯ ᠳᠤ ᠪᠠᠶᠠᠷ ᠪᠠᠶᠠᠰᠦᠯ ᠤᠯᠭᠤᠬᠰᠠᠭᠠᠷ ᠢᠷᠡᠵᠡᠢ᠃ | ᠨᠡᠶᠢᠬᠡᠮᠯᠢᠭ ᠤᠨ ᠬᠡᠰᠢᠬᠦᠳ ᠤᠨ ᠤᠯᠠᠩᠬᠢ ᠨᠢ ᠪᠦᠷ ᠨᠠᠰᠦ ᠠᠬᠢᠬᠰᠠᠨ ᠪᠤᠯᠪᠠᠴᠦ ᠬᠡᠵᠢᠶᠡᠳᠡ ᠶᠠᠳᠠᠷᠠᠵᠦ ᠵᠦᠳᠡᠷᠡᠯ᠎ᠡ | ᠬᠡᠵᠦ ᠶᠠᠷᠢᠬᠤ ᠦᠬᠡᠢ ᠬᠠᠷᠢᠨ ᠤᠳᠠᠭ᠎ᠠ ᠪᠦᠷᠢ ᠶᠢᠨ ᠲᠤᠬᠯᠠᠯᠳᠠ ᠶᠢ ᠠᠮᠵᠢᠯᠳᠠ ᠲᠦᠬᠦᠷᠡᠩ ᠪᠡᠶᠡᠯᠡᠬᠦᠯᠬᠦ ᠪᠠᠷ | ᠴᠢᠷᠮᠠᠶᠢᠵᠠᠭᠠᠳᠠᠭ᠃ | 2024 ᠤᠨ ᠤ 12 ᠰᠠᠷ᠎ᠠ ᠳᠤ᠂ ᠡᠮᠦᠨᠡᠳᠤ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ | ᠨᠡᠶᠢᠬᠡᠮᠯᠢᠭ ᠨᠢᠬᠡᠳᠦᠭᠡᠷ ᠤᠳᠠᠭᠠᠨ ᠤ ᠦᠷᠭᠡᠳᠬᠡᠭᠰᠡᠨ ᠬᠤᠷᠠᠯ ᠬᠤᠷᠠᠯᠳᠤᠭᠤᠯᠵᠦ᠂ 2025 ᠤᠨ ᠤ ᠠᠵᠢᠯ ᠳᠠᠭᠠᠨ | ᠪᠠᠶᠢᠷᠢᠯᠠᠭᠤᠯᠤᠯᠳᠠ ᠬᠢᠵᠡᠢ᠃ 2025 ᠳᠤ᠂ ᠨᠡᠶᠢᠬᠡᠮᠯᠢᠭ ᠤᠨ ᠬᠡᠰᠢᠬᠦᠳ ᠤᠨ ᠲᠤᠭ᠎ᠠ ᠪᠠᠨ ᠦᠷᠭᠡᠳᠬᠡᠵᠦ᠂ ︽ | ᠳᠠᠭᠤᠷᠢᠯᠢᠬ ᠢ ᠬᠦᠳᠡᠭᠡ ᠲᠤᠰᠬᠤᠨ ᠳᠤ ᠬᠦᠷᠬᠡᠬᠦ︾ ᠰᠤᠶᠤᠯ ᠢᠶᠠᠷ ᠠᠷᠠᠳ ᠢ ᠬᠠᠷᠠᠭᠠᠯᠵᠠᠬᠤ ᠠᠵᠢᠯᠯᠠᠭ᠎ᠠ᠂ ᠲᠦᠷᠪᠡᠨ | ᠤᠳᠠᠰᠤᠳᠤ ᠬᠤᠭᠤᠷ ᠤᠨ ᠨᠡᠶᠢᠬᠡᠮᠯᠢᠭ ᠤᠨ ︽ᠲᠠᠪᠦᠨ ᠨᠢᠬᠡ︾ ᠰᠢᠷᠢᠰ ᠠᠵᠢᠯᠯᠠᠭ᠎ᠠ ᠦᠷᠨᠢᠬᠦᠯᠵᠦ᠂ ᠠᠷᠠᠳ | ᠤᠯᠠᠨ ᠤ ᠰᠤᠶᠤᠯ ᠤᠨ ᠠᠮᠢᠳᠦᠷᠠᠯ ᠢ ᠪᠠᠶᠠᠯᠢᠬᠵᠢᠭᠤᠯᠤᠨ᠎ᠠ᠃ ᠪᠠᠰᠠ ᠪᠦᠬᠦ ᠬᠤᠰᠢᠭᠤᠨ ᠤ ᠲᠦᠷᠪᠡᠨ ᠤᠳᠠᠰᠤᠳᠤ | ᠬᠤᠭᠤᠷ ᠬᠦᠭᠵᠢᠮᠳᠡᠬᠦ ᠤᠷᠤᠯᠳᠤᠭᠠᠨ᠂ ᠲᠦᠷᠪᠡᠨ ᠤᠳᠠᠰᠤᠳᠤ ᠬᠤᠭᠤᠷ ᠬᠦᠭᠵᠢᠮᠳᠡᠬᠦ ᠤᠷ᠎ᠠ ᠮᠡᠷᠬᠡᠵᠢᠯ ᠤᠨ | ᠪᠤᠯᠪᠠᠰᠦᠷᠠᠯ᠂ ᠠᠬ᠎ᠠ ᠲᠡᠬᠦᠦ ᠬᠤᠰᠢᠭᠤ ᠰᠢᠶᠠᠨ ᠲᠠᠢ ᠬᠠᠮᠳᠤᠷᠠᠨ ᠨᠢᠬᠡ ᠤᠳᠠᠭᠠᠨ ᠤ ᠬᠤᠯᠪᠤᠭᠠᠳᠤ ᠬᠤᠷᠠᠯ᠂ | ᠤᠷᠤᠨ ᠤ ᠭᠠᠳᠠᠨ᠎ᠠ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠡᠷᠬᠢᠯᠡᠬᠦ ᠪᠠᠷ ᠲᠦᠯᠦᠪᠯᠡᠵᠦ ᠪᠠᠶᠢᠨ᠎ᠠ᠃ 2025 | ᠤᠨ ᠳᠤ᠂ ᠡᠮᠦᠨᠡᠳᠤ ᠬᠤᠰᠢᠭᠤᠨ ᠤ ᠲᠦᠷᠪᠡᠨ ᠤᠳᠠᠰᠤᠳᠤ ᠬᠤᠭᠤᠷ ᠤᠨ ᠨᠡᠶᠢᠬᠡᠮᠯᠢᠭ ᠦᠷᠬᠦᠯᠵᠢᠯᠡᠨ | ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠨ ᠪᠠᠳᠠᠷᠠᠭᠤᠯᠵᠦ᠂ ᠤᠯᠠᠨ ᠲᠦᠮᠡᠨ ᠤ | ᠠᠮᠢᠳᠦᠷᠠᠯ ᠳᠤ ᠪᠠᠶᠠᠷ ᠵᠢᠷᠭᠠᠯ ᠤᠯᠭᠤᠵᠦ᠂ ᠪᠠᠶᠠᠯᠢᠭ ᠠᠭᠤᠯᠭ᠎ᠠ ᠲᠠᠢ ᠤᠳᠬ᠎ᠠ ᠤᠷᠠᠯᠢᠭ ᠤᠨ ᠲᠤᠬᠯᠠᠯᠳᠠ ᠪᠠᠷ ᠢᠶᠠᠨ | ᠰᠢᠨ᠎ᠠ ᠴᠠᠭ ᠦᠶ᠎ᠡ ᠶᠢᠨ ᠵᠢᠷᠭᠠᠯᠳᠤ ᠠᠮᠢᠳᠦᠷᠠᠯ ᠢᠶᠠᠨ ᠮᠠᠬᠳᠠᠨ ᠲᠠᠭᠤᠯᠠᠵᠦ᠂ ᠰᠠᠶᠢᠨ ᠰᠠᠶᠢᠬᠠᠨ ᠢᠷᠡᠭᠡᠳᠦᠢ | ᠵᠦᠭ ᠢᠶᠠᠨ ᠢᠳᠡᠬᠡᠯ ᠲᠡᠬᠦᠯᠳᠡᠷ ᠤᠷᠤᠬᠰᠢᠯᠠᠨ᠎ᠠ᠃ | ᠦᠯᠵᠡᠶᠢᠪᠠᠶᠠᠷ ᠡᠤ ᠰᠡᠷᠬᠦᠯᠡᠩ ᠮᠡᠳᠡᠬᠡᠯᠡᠪᠡ | |