| ᠠᠶᠢᠷᠠᠬ ᠨᠠᠶᠢᠷᠠᠬ ᠤᠨ ᠦᠨᠦᠷ ᠰᠠᠩᠬᠢᠨᠡᠵᠤ᠂ ᠠᠬᠠᠮᠡᠤᠨ ᠨᠠᠰᠦᠲᠡᠳ ᠤᠨ ᠢᠷᠦᠭᠡᠯ ᠮᠠᠬᠳᠠᠭᠠᠯ ᠰᠢᠩᠭᠡᠭᠰᠡᠨ 1 | ᠰᠠᠷ᠎ᠠ ᠶᠢᠨ 12 ᠤᠨ ᠦᠯᠵᠠᠶᠢᠲᠦ ᠡᠳᠦᠷ᠂ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠠᠩᠬᠠᠲᠦᠭᠠᠷ | ᠤᠳᠠᠭᠠᠨ ᠤ ︽ᠬᠠᠨᠭ᠍ᠭᠠᠢ ᠶᠢᠨ ᠴᠤᠤᠷᠢᠶ᠎ᠠ︾ ᠨᠡᠷᠡᠮᠵᠢᠲᠦ ᠢᠷᠦᠭᠡᠯ ᠮᠠᠬᠳᠠᠭᠠᠯ ᠤᠨ ᠤᠷᠤᠯᠳᠤᠭᠠᠨ ᠡᠮᠤᠨᠡᠲᠦ | ᠬᠤᠰᠢᠭᠤᠨ ᠤ ᠬᠤᠲᠠ ᠲᠤᠮᠳᠠᠬᠢ ᠲᠠᠯ᠎ᠠ ᠨᠤᠲᠤᠭ ᠲᠤ ᠠᠰᠢᠲᠠᠢ ᠰᠠᠶᠢᠬᠠᠨ ᠶᠠᠪᠤᠬᠳᠠᠪᠠ᠃ ᠲᠤᠰ ᠤᠳᠠᠭᠠᠨ ᠤ | ᠤᠷᠤᠯᠳᠤᠭᠠᠨ ᠢ ᠬᠤᠷᠴᠢᠨ ᠪᠠᠷᠠᠭᠤᠨ ᠭᠠᠷᠦᠨ ᠡᠮᠤᠨᠡᠲᠦ ᠬᠤᠰᠢᠭᠤᠨ ᠤ ᠨᠢᠭᠡᠳᠦᠮᠡᠯ ᠹᠷᠤᠨᠲ ᠤᠨ ᠬᠡᠯᠳᠡᠰ᠂ | ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠭᠤᠤᠯᠯᠡᠨ ᠡᠷᠬᠢᠯᠡᠵᠦ᠂ ᠡᠮᠤᠨᠡᠲᠦ ᠬᠤᠰᠢᠭᠤᠨ ᠤ ᠲᠤᠮᠳᠠᠲᠦ ᠶᠢᠨ | ᠦᠨᠳᠦᠰᠦᠲᠡᠨ ᠤ ᠬᠠᠮᠲᠦ ᠶᠢᠨ ᠴᠤᠬᠴᠠ ᠶᠢᠨ ᠤᠬᠠᠮᠰᠠᠷ ᠢ ᠪᠠᠲᠦ ᠴᠤᠬᠴᠠᠯᠠᠬᠤ ᠶᠢ ᠲᠦᠯᠬᠢᠨ ᠠᠬᠢᠭᠤᠯᠬᠤ | ᠨᠡᠶᠢᠭᠡᠮᠯᠢᠭ᠂ ᠮᠠᠨᠵᠤᠲ᠋ᠦ᠋ᠨ ᠤ ᠮᠠᠨᠵᠦ ᠦᠨᠳᠦᠰᠦᠲᠡᠨ ᠤ ᠰᠢᠶᠠᠩ ᠤᠨ ᠨᠠᠮ ᠤᠨ ᠬᠤᠷᠢᠶ᠎ᠠ ᠵᠠᠰᠠᠬ ᠤᠨ ᠤᠷᠳᠤᠨ ᠠᠴᠠ | ᠳᠠᠭᠠᠭᠠᠴᠢᠯᠡᠨ ᠡᠷᠬᠢᠯᠡᠵᠠᠢ᠃ | ᠲᠤᠰ ᠤᠳᠠᠭᠠᠨ ᠤ ᠤᠷᠤᠯᠳᠤᠭᠠᠨ ᠨᠢ ᠲᠤᠮᠲᠠᠲᠦ ᠶᠢᠨ ᠦᠨᠳᠦᠰᠦᠲᠡᠨ ᠤ ᠬᠠᠮᠲᠦ ᠶᠢᠨ ᠴᠤᠬᠴᠠ ᠶᠢᠨ | ᠤᠬᠠᠮᠰᠠᠷ ᠢ ᠪᠠᠲᠦ ᠴᠤᠬᠴᠠᠯᠠᠬᠤ ᠪᠠᠷ ᠭᠤᠤᠯ ᠰᠢᠵᠢᠮ ᠪᠤᠯᠭᠠᠵᠦ᠂ ᠲᠤᠮᠲᠠᠲᠦ ᠶᠢᠨ ᠦᠨᠳᠦᠰᠦᠲᠡᠨ ᠤ ᠰᠢᠯᠢᠳᠡᠭ | ᠤᠯᠠᠮᠵᠢᠯᠠᠯᠲᠦ ᠰᠤᠶᠤᠯ ᠢ ᠤᠯᠠᠮᠵᠢᠯᠠᠨ ᠪᠠᠳᠠᠷᠠᠭᠤᠯᠵᠦ᠂ ᠤᠮᠠᠷᠠᠲᠦ ᠬᠢᠯᠢ ᠶᠢᠨ ᠰᠤᠶᠤᠯ ᠢ ᠬᠦᠭᠵᠢᠭᠦᠯᠦᠨ | ᠮᠠᠨᠳᠤᠭᠤᠯᠵᠦ᠂ ᠬᠢᠨᠭ᠍ᠭᠠᠨ ᠠᠶᠢᠮᠠᠭ ᠤᠨ ᠦᠨᠳᠦᠰᠦᠲᠡᠨ ᠤ ᠪᠦᠯᠬᠦᠳᠡᠯ ᠲᠠᠪᠰᠢᠯᠲᠠ ᠶᠢ ᠠᠬᠢᠭᠤᠯᠵᠦ᠂ ︽ᠠᠶᠠᠯᠭᠤᠲᠦ | ᠵᠢᠭᠤᠯᠴᠢᠯᠡᠯ ᠦᠪᠦᠷ ᠮᠤᠩᠭᠤᠯ ᠡᠳᠦᠷ ᠪᠦᠷᠢ ᠰᠢᠨᠡᠯᠡᠬᠦ︾ ᠭᠤᠤᠯ ᠰᠡᠳᠦᠪᠲᠦ ᠠᠵᠢᠯᠯᠠᠭ᠎ᠠ ᠳᠤ ᠬᠦᠴᠦᠨ | ᠨᠡᠮᠡᠷᠢᠯᠡᠬᠦ ᠪᠠᠷ ᠭᠤᠤᠯ ᠵᠤᠷᠢᠯᠭ᠎ᠠ ᠪᠠᠨ ᠪᠤᠯᠭᠠᠨ ᠶᠠᠪᠤᠬᠳᠠᠭᠤᠯᠵᠠᠢ᠃ | ᠤᠷᠤᠯᠳᠤᠭᠠᠨ ᠳᠤ᠂ ᠡᠮᠤᠨᠡᠲᠦ ᠬᠤᠰᠢᠭᠤᠨ ᠤ ᠡᠯ᠎ᠠ ᠰᠤᠮᠤ ᠰᠢᠶᠠᠩ ᠪᠠᠯᠭᠠᠰᠦ ᠶᠢᠨ ᠬᠤᠷᠢ ᠭᠠᠷᠦᠢ | ᠤᠷᠤᠯᠳᠤᠬᠴᠢ ᠤᠷᠤᠯᠴᠠᠵᠦ᠂ ︽ᠪᠠᠶ᠋ᠬᠠᠭᠤᠯᠠ ᠶᠢᠨ ᠮᠠᠬᠳᠠᠭᠠᠯ︾᠂ ︽ᠲᠠᠪᠤᠨ ᠬᠤᠰᠢᠭᠤ ᠮᠠᠯ ᠤᠨ ᠮᠠᠬᠳᠠᠭᠠᠯ︾᠂ | ︽ᠲᠠᠷᠢᠭᠦᠨ ᠮᠤᠷᠢᠨ ᠤ ᠮᠠᠬᠳᠠᠭᠠᠯ︾᠂ ︽ᠭᠡᠷ ᠮᠢᠯᠢᠶᠠᠬᠤ ᠢᠷᠤᠭᠡᠯ︾᠂ ︽ᠠᠮᠠᠷᠠᠬ ᠬᠤᠤᠰ ᠤᠨ ᠮᠠᠬᠳᠠᠭᠠᠯ︾ | ᠵᠡᠷᠭᠡ ᠡᠯᠪᠡᠭ ᠠᠭᠤᠯᠭ᠎ᠠ ᠪᠦᠬᠦᠢ ᠢᠷᠦᠭᠡᠯ ᠮᠠᠬᠳᠠᠭᠠᠯ ᠢᠶᠠᠷ ᠢᠶᠠᠨ ᠨᠤᠲᠤᠭ ᠤᠰᠤ᠂ ᠬᠦᠮᠦᠨ ᠠᠷᠡᠳ᠂ ᠪᠠᠶᠢᠭᠠᠯᠢ | ᠤᠷᠴᠢᠨ ᠢᠶᠠᠨ ᠢᠷᠦᠭᠡᠨ ᠮᠠᠬᠳᠠᠬᠰᠠᠨ ᠪᠠᠶᠢᠨ᠎ᠠ᠃ | ᠬᠢᠨᠠᠬᠴᠢ ᠪᠠᠭᠰᠢ ᠨᠠᠷ ᠤᠨ ᠲᠦᠪ ᠭᠤᠤᠯᠴᠢ ᠬᠢᠨᠠᠯᠲᠠ ᠳᠤᠤᠷ᠎ᠠ ᠠᠯᠢᠶᠠᠭᠦᠦ ᠨᠢᠭᠡᠳᠦᠭᠡᠷ ᠳᠡᠰ ᠤᠨ ᠱᠠᠩᠨᠠᠯ | ᠬᠦᠷᠲᠡᠵᠦ᠂ ᠪᠤᠤ ᠲᠤᠬᠳᠠᠬᠤ᠂ ᠪᠠᠶᠠᠭᠤᠳ ᠲᠤᠯᠭᠠᠭᠤᠷᠢ ᠲᠤᠰ ᠲᠤᠰ ᠬᠤᠶᠠᠳᠤᠭᠠᠷ ᠳᠡᠰ ᠤᠨ ᠱᠠᠩᠨᠠᠯ ᠢ ᠭᠠᠷᠳᠠᠵᠦ | ᠂ ᠲᠠᠨᠢᠭᠡᠷ᠂ ᠸᠠᠩ ᠭᠤᠷᠪᠠᠨ᠂ ᠠᠯᠮᠠᠰ ᠲᠤᠰ ᠲᠤᠰ ᠭᠤᠷᠪᠠᠳᠤᠭᠠᠷ ᠳᠡᠰ ᠲᠤ ᠳᠤᠳᠤᠷᠠᠵᠦ᠂ ᠨᠤᠮᠤᠬᠠᠨ ᠠᠰᠦᠷᠦ᠂ | ᠪᠤᠷᠵᠢᠬᠢᠨ ᠲᠤᠯᠭᠠᠭᠤᠷᠢ᠂ ᠰ᠊ · ᠭᠠᠯᠰᠠᠩ᠂ ᠯᠢᠶᠠᠩ ᠯᠢ ᠮᠢᠩ᠂ ᠠᠯᠳ᠋ᠬᠠᠠᠭᠤᠯᠠ᠂ ᠸᠠᠩ ᠤᠯᠠᠭᠠᠶᠢᠬᠤᠸᠠᠷ᠂ ᠬᠠᠨ | ᠭᠡᠷᠡᠯ᠂ ᠪᠦᠷᠢᠨᠪᠠᠶᠠᠷ᠂ ᠴᠦ ᠢ᠂ ᠠᠯᠳᠠᠨᠪᠠᠭᠠᠨ᠎ᠠ ᠲᠤᠰ ᠲᠤᠰ ᠰᠢᠯᠢᠳᠡᠭ ᠪᠠᠶᠢᠷᠢᠨ ᠳᠤ ᠰᠠᠭᠠᠳᠠᠪᠡ᠃ | ᠤᠷᠤᠯᠳᠤᠭᠠᠨ ᠤ ᠳᠠᠷᠠᠭ᠎ᠠ᠂ ᠬᠢᠨᠠᠬᠴᠢ ᠶᠢᠨ ᠲᠤᠭᠤᠶᠢᠯᠠᠩ ᠤᠨ ᠪᠤᠯᠤᠳ ᠪᠠᠭᠰᠢ ᠠᠴᠠ ᠲᠤᠰ ᠤᠳᠠᠭᠠᠨ ᠤ | ᠢᠷᠦᠭᠡᠯ ᠮᠠᠬᠳᠠᠭᠠᠯ ᠤᠨ ᠤᠷᠤᠯᠳᠤᠭᠠᠨ ᠳᠤ ᠳ᠋ᠦᠡᠭᠨᠡᠯᠲᠠ ᠬᠢᠵᠦ᠂ ᠢᠷᠦᠭᠡᠯ ᠮᠠᠬᠳᠠᠭᠠᠯ ᠤᠨ ᠲᠤᠬᠠᠢ ᠦᠪᠡᠷ ᠤᠨ | ᠦᠵᠡᠯᠲᠠ ᠤᠶᠢᠯᠠᠭᠠᠯᠲᠠ ᠪᠠᠨ ᠶᠠᠷᠢᠵᠦ᠂ ᠤᠷᠤᠯᠳᠤᠬᠴᠢᠳ ᠤᠨ ᠬᠤᠵᠢᠮ ᠬᠤᠶᠢᠰᠢᠲᠠ ᠨᠡᠩ ᠦᠨᠳᠦᠷ ᠠᠮᠵᠢᠯᠲᠠ | ᠤᠯᠬᠤ ᠶᠢ ᠵᠦᠡᠭᠨᠡᠭᠰᠡᠨ ᠪᠠᠶᠢᠨ᠎ᠠ᠃ |