ᠰᠦᠨ ᠱᠦ ᠲᠤᠤ ᠪᠤᠯᠤᠨ ᠯᠢᠦ ᠬᠠᠶ ᠲᠤᠤ ᠨᠢᠭᠡᠳᠦᠭᠡᠷ ᠹᠷᠣᠨᠲ ᠤᠨ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠵᠠᠢ
ᠨᠡᠶᠢᠲᠡᠯᠡᠭᠰᠡᠨ ᠴᠠᠭ᠄
2025/1/17
    1 ᠰᠠᠷ᠎ᠠ ᠶᠢᠨ 15 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠦ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠨᠠᠷ ᠤᠷᠢᠳ ᠬᠤᠵᠢᠳ ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠢᠩᠭᠠᠨ ᠰᠠᠯᠪᠤᠷᠢ ᠠᠩᠭᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨᠠᠨ ᠬᠠᠮᠢᠶᠠᠷᠬᠤ ᠶᠡᠭᠡ ᠠᠩᠭᠢ᠂ ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠬᠤ ᠶᠡᠭᠡ ᠠᠩᠭᠢ ᠪᠠᠷ ᠭᠦᠨᠵᠡᠭᠡᠶᠢᠷᠡᠵᠦ᠂ ᠨᠢᠭᠡᠳᠦᠭᠡᠷ ᠹᠷᠣᠨᠲ ᠲᠤ ᠡᠭᠦᠷᠭᠡ ᠭᠦᠢᠴᠡᠳᠭᠡᠵᠦ ᠪᠠᠶᠢᠭ᠎ᠠ ᠺᠠᠳ᠋ᠷ ᠴᠠᠭᠳᠠᠭ᠎ᠠ ᠨᠠᠷ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃    ᠳᠤᠮᠳᠠᠳᠤ ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠬᠢᠩᠭᠠᠨ ᠰᠠᠯᠪᠤᠷᠢ ᠠᠩᠭᠢ ᠳᠤ᠂ ᠰᠦᠨ ᠱᠦ ᠲᠤᠤ᠂ ᠯᠢᠦ ᠬᠠᠶ ᠲᠤᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠣᠯᠠᠨ ᠵᠢᠯ ᠤᠨ ᠲᠤᠷᠰᠢ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ 2024 ᠣᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠲᠣᠭᠲᠠᠭᠤᠨ ᠪᠥᠭᠡᠳ ᠡᠮᠬᠢ ᠵᠢᠷᠤᠮ ᠲᠠᠢ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ᠂ ᠥᠷᠭᠡᠨ ᠣᠯᠠᠨ ᠮᠠᠯᠴᠢᠨ ᠲᠠᠷᠢᠶᠠᠴᠢᠨ ᠠᠮᠤᠷ ᠲᠠᠶᠢᠪᠤᠩ ᠠᠵᠤ ᠲᠦᠷᠦᠭᠰᠡᠨ ᠨᠢ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠭᠤᠶᠠᠴᠢ ᠥᠬᠡᠶ ᠵᠢᠳᠬᠦᠯ ᠠᠴᠠ ᠰᠠᠯᠵᠤ ᠴᠢᠳᠠᠬᠤ ᠥᠬᠡᠶ᠂ 2025 ᠣᠨ ᠳᠤ ᠣᠯᠠᠨ ᠢᠶᠠᠷ ᠢᠶᠠᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠬᠦᠯᠬᠦ ᠶᠢ ᠬᠦᠰᠡᠵᠦ ᠪᠠᠶᠢᠨ᠎ᠠ ᠭᠡᠵᠡᠢ᠃   ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨᠠᠨ ᠬᠠᠮᠢᠶᠠᠷᠬᠤ ᠶᠡᠭᠡ ᠠᠩᠭᠢ ᠳᠤ᠂ ᠰᠦᠨ ᠱᠦ ᠲᠤᠤ᠂ ᠯᠢᠦ ᠬᠠᠶ ᠲᠤᠤ ᠡᠮᠦᠨ᠎ᠡ ᠹᠷᠣᠨᠲ ᠤᠨ ᠺᠠᠳ᠋ᠷ ᠴᠠᠭᠳᠠᠭ᠎ᠠ ᠨᠠᠷ ᠤᠨ ᠠᠵᠢᠯ ᠤᠨ ᠪᠠᠶᠢᠷᠢ ᠳᠠᠭᠠᠨ ᠭᠠᠪᠰᠢᠭᠠᠶᠢᠯᠠᠨ ᠠᠵᠢᠯᠯᠠᠵᠤ ᠲᠦᠭ ᠲᠦᠮᠡᠨ ᠠᠶᠢᠯ ᠡᠷᠦᠬᠡ ᠪᠠᠨ ᠰᠠᠬᠢᠨ ᠬᠠᠮᠠᠭᠠᠯᠠᠵᠤ ᠪᠠᠶᠢᠬᠤ ᠶᠢ ᠭᠦᠢᠴᠡᠳ ᠨᠤᠲᠠᠯᠠᠭᠰᠠᠨ ᠤ ᠬᠠᠮᠲᠤ᠂ ᠮᠢᠨᠴᠦᠭᠦᠷᠡᠬᠦ ᠦᠵᠡᠯ ᠰᠠᠨᠠᠭ᠎ᠠ᠂ ᠵᠠᠪᠰᠢᠶᠠᠨ ᠢ ᠲᠠᠯᠢᠮᠳᠠᠭᠤᠯᠬᠤ ᠰᠡᠳᠬᠢᠴᠡ ᠶᠢ ᠡᠷᠡᠰ ᠠᠷᠢᠯᠭᠠᠵᠤ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠠᠮᠤᠷ ᠲᠦᠪᠰᠢᠨ ᠲᠣᠭᠲᠠᠭᠤᠨ ᠤ ᠠᠵᠢᠯ ᠢ ᠴᠢᠨᠠᠭᠰᠢᠳᠠ ᠴᠢᠩᠭᠠᠳᠬᠠᠵᠤ᠂ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠦᠷᠭᠦᠯᠵᠢᠯᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠶᠡᠭᠡ ᠠᠩᠭᠢ ᠶᠢᠨ ᠰᠢ ᠵᠢᠤᠢ ᠬᠠᠷᠠᠭᠤᠯ ᠤᠨ ᠭᠠᠵᠠᠷ ᠨᠢ ᠬᠤᠲᠠ ᠶᠢᠨ ᠲᠣᠭᠤᠷᠢᠭ ᠤᠨ ᠴᠢᠬᠤᠯᠠ ᠵᠠᠮ ᠬᠠᠷᠢᠯᠴᠠᠭᠠᠨ ᠤ ᠬᠡᠰᠡᠭ ᠪᠣᠯᠤᠭᠰᠠᠨ ᠤ ᠬᠤᠪᠢ ᠳᠤ᠂ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠵᠠᠮ ᠬᠠᠷᠢᠯᠴᠠᠭᠠᠨ ᠤ ᠰᠢᠨ᠎ᠡ ᠳᠠᠷᠤᠯᠲᠠ ᠶᠢ ᠠᠪᠴᠢᠷᠠᠬᠤ ᠪᠤᠯᠤᠨ᠎ᠠ᠃ ᠰᠦᠨ ᠱᠦ ᠲᠤᠤ᠂ ᠯᠢᠦ ᠬᠠᠶ ᠲᠤᠤ ᠨᠢᠭᠡᠳᠦᠭᠡᠷ ᠹᠷᠣᠨᠲ ᠤᠨ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠬᠤ ᠶᠢᠨ ᠬᠠᠮᠲᠤ᠂ ᠵᠠᠮ ᠬᠠᠷᠢᠯᠴᠠᠭᠠᠨ ᠤ ᠪᠠᠶᠢᠳᠠᠯ᠂ ᠡ᠊ᠨᠳᠡᠯ ᠭᠠᠷᠬᠤ ᠶᠢ ᠰᠡᠷᠭᠡᠶᠢᠯᠡᠬᠦ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠷᠠᠳ ᠤᠨ ᠲᠤᠰᠠᠯᠠᠬᠤ ᠴᠠᠭᠳᠠᠭ᠎ᠠ ᠶᠢᠨ ᠬᠠᠬᠢᠷ ᠬᠦᠢᠳᠡᠨ ᠢ ᠬᠠᠶᠢᠬᠤᠷᠤᠯ ᠦᠭᠡᠢ ᠠᠮᠤᠷ ᠲᠦᠪᠰᠢᠨ ᠢ ᠬᠠᠮᠠᠭᠠᠯᠠᠵᠤ ᠪᠠᠶᠢᠬᠤ ᠶᠢ ᠨᠤᠲᠠᠯᠠᠬᠤ ᠶᠢᠨ ᠬᠠᠮᠲᠤ ᠪᠥᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠵᠢᠵᠢᠭᠦᠷᠯᠡᠬᠦ ᠲᠣᠭᠲᠠᠭᠠᠯ ᠶᠣᠰᠣᠭᠠᠷ᠂ ᠪᠣᠯᠪᠠᠰᠤᠨ ᠢᠶᠠᠷ ᠵᠢᠵᠢᠭᠦᠷᠯᠡᠬᠦ ᠶᠢ ᠵᠢᠷᠤᠮᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠵᠠᠮ ᠬᠠᠷᠢᠯᠴᠠᠭᠠᠨ ᠤ ᠡᠮᠬᠢ ᠳᠢᠭᠯᠢᠮ ᠤᠨ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠪᠥᠬᠦ ᠺᠠᠳ᠋ᠷ ᠴᠠᠭᠳᠠᠭ᠎ᠠ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠠᠵᠢᠯ ᠳᠠᠭᠠᠨ ᠣᠷᠣᠯᠴᠠᠨ᠂ ᠠᠵᠢᠯ ᠤᠨ ᠪᠠᠶᠢᠷᠢ ᠪᠠᠨ ᠪᠠᠳᠤ ᠰᠠᠬᠢᠵᠤ᠂ ᠪᠥᠬᠦ ᠬᠤᠰᠢᠭᠤᠨ ᠤ ᠠᠷᠠᠳ ᠲᠦᠮᠡᠨ ᠳᠤ ᠠᠮᠤᠷ ᠠᠮᠤᠭᠤᠯᠠᠩ ᠡᠶ᠎ᠡ ᠨᠠᠶᠢᠷᠠᠮᠳᠠᠭᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ ᠭᠡᠵᠦ ᠲᠤᠰ ᠲᠤᠰ ᠢᠯᠡᠳᠬᠡᠵᠡᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号