ᠯᠢᠦ ᠬᠠᠶ ᠲᠤᠤ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2025/1/17
    1 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠤᠯᠳᠠᠯᠭ᠎ᠠ ᠲᠠᠢ ᠠᠵᠤ ᠠᠬᠤᠶᠢᠯᠠᠯ᠂ ᠣᠷᠣᠯᠭ᠎ᠠ ᠪᠠᠭᠠᠲᠠᠶ ᠬᠡᠷ ᠪᠦᠯᠢ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠯᠢᠦ ᠬᠠᠢ ᠲᠤᠤ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠡᠮᠦᠨ᠎ᠡ ᠠᠴᠠ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠲᠠᠯᠠᠷᠬᠠᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ ᠯᠢᠦ ᠬᠠᠶ ᠲᠤᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠴᠡᠷᠢᠭ ᠡᠯᠰᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠵᠡᠷᠭᠡ ᠠᠵᠢᠯ ᠳᠤ ᠴᠢᠬᠤᠯᠠ ᠦᠢᠯᠡᠳᠦᠯ  ᠢᠶᠠᠨ ᠦᠵᠡᠭᠦᠯᠦᠭᠰᠡᠭᠡᠷ ᠢᠷᠡᠵᠡᠶ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠠᠶᠢᠭᠤᠯᠤᠯᠲᠠ ᠪᠠ ᠬᠥᠭᠵᠢᠯᠲᠡ ᠶᠢ ᠳᠡᠮᠵᠢᠵᠦ᠂ ᠰᠢᠯᠢᠳᠡᠭ ᠤᠯᠠᠮᠵᠢᠯᠠᠯ ᠪᠠ ᠰᠤᠷᠲᠠᠯ ᠢᠶᠠᠨ ᠦᠷᠭᠦᠯᠵᠢᠯᠡᠨ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠶᠣᠣ ᠢᠦᠢ ᠰᠧᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠲᠥᠯᠥᠭᠡᠯᠡᠨ ᠲᠣᠬᠤᠨᠢᠭᠤᠯᠤᠯ ᠢ ᠬᠦᠯᠢᠶᠡᠪᠡ᠃    ᠣᠷᠣᠯᠭ᠎ᠠ ᠪᠠᠭᠠᠲᠠᠶ ᠲᠠᠷᠢᠶᠠᠴᠢᠨ ᠡᠷᠦᠬᠡ ᠢᠦᠶ ᠬᠠᠶ ᠯᠢᠨ᠂ ᠠᠵᠢᠯᠲᠠᠨ ᠫᠠᠨ ᠬᠦᠶ ᠬᠤᠸᠠ ᠶᠢᠨ ᠭᠡᠷ ᠲᠤ ᠯᠢᠦ ᠬᠠᠶ ᠲᠤᠤ ᠲᠡᠳᠡᠨ ᠤ ᠠᠮᠢᠳᠤᠷᠠᠯ ᠤᠨ ᠪᠠᠶᠢᠳᠠᠯ᠂ ᠦᠷ᠎ᠡ ᠬᠡᠤᠬᠡᠳ ᠤᠨ ᠬᠢᠨᠢ ᠰᠤᠷᠭᠠᠭᠤᠯᠢ ᠳᠤ ᠤᠷᠤᠭᠰᠠᠨ ᠪᠠᠶᠢᠳᠠᠯ ᠵᠢᠴᠢ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠠᠮᠢᠳᠤᠷᠠᠯ ᠳᠤ ᠪᠠᠶᠠᠰᠤᠩᠭᠤᠶ ᠬᠠᠨᠳᠤᠬᠤ ᠬᠡᠷᠡᠭᠲᠡᠶ ᠭᠡᠵᠦ ᠵᠣᠷᠢᠭᠵᠢᠭᠤᠯᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠭᠦᠨᠵᠡᠭᠡᠶ ᠪᠥᠭᠡᠳ ᠨᠠᠷᠢᠨ ᠨᠢᠮᠪᠠᠶ ᠬᠢᠵᠦ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠠᠶᠢᠳᠤᠷ ᠰᠢᠢᠳᠪᠤᠷᠢᠯᠡᠨ᠂ ᠬᠦᠴᠢᠷᠳᠡᠯᠲᠡᠶ ᠬᠦᠮᠦᠰ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠶ ᠭᠡᠵᠦ ᠵᠠᠬᠢᠭᠰᠠᠨ ᠪᠠᠶᠢᠨ᠎ᠠ᠃    ᠦᠷᠡᠭᠳᠡᠭᠰᠡᠨ ᠪᠠᠭᠠᠲᠤᠷ ᠤᠨ ᠬᠡᠷ ᠪᠦᠯᠢ ᠵᠠᠩ ᠮᠧᠶ ᠶᠢᠨ ᠬᠡᠷ ᠲᠤ᠂ ᠯᠢᠦ ᠬᠠᠶ ᠲᠤᠤ᠂ ᠵᠠᠩ ᠮᠧᠶ ᠵᠢᠴᠢ ᠲᠡᠳᠡᠨ ᠤ ᠬᠡᠷ ᠤᠨ ᠬᠥᠮᠦᠰ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠰᠡᠳᠬᠢᠯ ᠤᠨ ᠦᠭᠡ ᠪᠠ ᠰᠢᠨ᠎ᠡ ᠵᠢᠯ ᠤᠨ ᠬᠦᠰᠡᠯ ᠡᠷᠡᠮᠡᠯᠵᠡᠯ ᠢ ᠬᠢᠨᠠᠮᠠᠭᠠᠶ ᠰᠣᠨᠣᠰᠴᠤ᠂ ᠨᠠᠰᠤᠲᠠᠨ ᠤ ᠪᠡᠶ᠎ᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠵᠠᠩ ᠮᠧᠶ ᠶᠢ ᠪᠡᠶ᠎ᠡ ᠪᠠᠨ ᠬᠢᠴᠢᠶᠡᠵᠦ᠂ ᠦᠭᠡᠳᠡᠷᠬᠡᠭ ᠰᠡᠳᠬᠢᠯ ᠢᠶᠠᠷ ᠵᠣᠯ ᠵᠢᠷᠭᠠᠯᠲᠤ ᠠᠮᠢᠳᠤᠷᠠᠯ ᠢᠶᠠᠨ ᠡᠳ᠋ᠯᠡᠭᠡᠷᠡᠶ ᠭᠡᠵᠦ ᠵᠣᠷᠢᠭᠵᠢᠭᠤᠯᠪᠠ᠃ ᠯᠢᠦ ᠬᠠᠢ ᠲᠤᠤ᠂ ᠦᠷᠡᠭᠳᠡᠭᠰᠡᠨ ᠪᠠᠭᠠᠲᠤᠷᠴᠤᠳ ᠤᠯᠤᠰ ᠤᠨ ᠢᠶᠠᠨ ᠲᠥᠯᠥᠭᠡ ᠠᠮᠢ ᠪᠡᠶ᠎ᠡ ᠪᠠᠨ ᠵᠣᠷᠢᠭᠤᠯᠬᠤ ᠠᠴᠠ ᠪᠤᠴᠠᠬᠤ ᠦᠭᠡᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠡᠢ᠃    ᠪᠥᠬᠦ ᠤᠯᠤᠰ ᠤᠨ ᠶᠣᠰᠣ ᠮᠣᠷᠠᠯ ᠤᠨ ᠵᠢᠱᠢᠶᠡᠴᠢ ᠤᠯᠠᠭᠠᠨᠮᠣᠳᠣ ᠰᠤᠮᠤ ᠶᠢᠨ ᠮᠠᠯᠴᠢᠨ ᠰᠤᠷᠤᠨ᠎ᠠ ᠶᠢᠨ ᠬᠡᠷ ᠲᠤ᠂ ᠯᠢᠦ ᠬᠠᠶ ᠲᠤᠤ ᠰᠤᠷᠤᠨ᠎ᠠ ᠶᠢᠨ ᠡᠳᠦᠷ ᠲᠤᠲᠤᠮ ᠤᠨ ᠠᠮᠢᠳᠤᠷᠠᠯ ᠪᠠ ᠠᠵᠤ ᠠᠬᠤᠶ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠲᠤᠬᠠᠶ ᠶᠢᠨ ᠵᠢᠯ ᠤᠨ ᠪᠤᠰᠤᠳ ᠤᠨ ᠲᠦᠯᠦᠭᠡ ᠠᠮᠢ ᠪᠡᠶ᠎ᠡ ᠪᠠᠨ ᠴᠦᠯᠡᠭᠰᠡᠨ ᠰᠠᠶᠢᠨ ᠦᠢᠯᠡ ᠠᠵᠢᠯᠯᠠᠭ᠎ᠠ ᠶᠢ ᠭᠦᠢᠴᠡᠳ ᠨᠤᠲᠠᠯᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠰᠤᠷᠤᠨ᠎ᠠ ᠵᠢᠴᠢ ᠲᠡᠳᠡᠨ ᠤ ᠬᠡᠷ ᠤᠨ ᠬᠥᠮᠦᠰ ᠢ ᠢᠯᠡᠭᠦᠬᠡᠨ ᠬᠠᠯᠠᠮᠵᠢᠯᠠᠵᠤ᠂ ᠲᠡᠳᠡᠨ ᠢ ᠪᠠᠶᠠᠷ ᠬᠥᠷ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠤᠭᠡᠷᠡᠢ ᠭᠡᠵᠡᠢ᠃    ᠯᠢᠦ ᠬᠠᠶ ᠲᠤᠤ ᠪᠠᠰᠠ ᠥᠪᠥᠷ ᠮᠣᠩᠭᠤᠯ ᠤᠨ ᠾᠧ ᠹᠧᠩ ᠲᠠᠷᠢᠶᠠᠯᠠᠩ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠷ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠨ᠂ ᠠᠵᠤ ᠠᠬᠤᠶᠢᠯᠠᠯ ᠤᠨ ᠦᠢᠯᠡᠳᠭᠦᠨ ᠤ ᠥᠷᠲᠡᠭ ᠪᠠ ᠦᠢᠯᠡᠳᠪᠤᠷᠢᠯᠡᠯ ᠤᠨ ᠴᠢᠳᠠᠪᠤᠷᠢ ᠵᠢᠴᠢ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠢ ᠠᠵᠤ ᠠᠬᠤᠶᠢᠯᠠᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠪᠠ ᠲᠥᠷᠥᠯ ᠵᠦᠢᠯ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ᠂ ᠦᠢᠯᠡᠳᠪᠤᠷᠢᠯᠡᠯ ᠪᠥᠲᠥᠭᠡᠨ ᠪᠠᠶᠢᠭᠤᠯᠤᠯᠲᠠ ᠵᠢᠴᠢ ᠠᠶᠤᠯᠭᠦᠶ ᠦᠢᠯᠡᠳᠪᠤᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠳᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠰᠢᠨ᠎ᠡ ᠵᠢᠯ ᠤᠨ ᠰᠠᠶᠢᠨ ᠰᠠᠶᠢᠬᠠᠨ ᠵᠦᠩᠨᠡᠯ ᠳᠡᠪᠰᠢᠭᠦᠯᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号