ᠭᠦᠢᠯᠡᠷ ᠪᠠᠯᠭᠠᠰᠤᠨ ᠤ ᠠᠬᠠᠮᠠᠳ ᠨᠠᠮ ᠤᠨ ᠭᠡᠰᠢᠭᠦᠳ ᠨᠤᠮ ᠪᠢᠴᠢᠭ ᠬᠠᠨᠳᠢᠪᠯᠠᠬᠤ ᠠᠵᠢᠯᠯᠠᠭ᠎ᠠ ᠦᠷᠨᠢᠭᠦᠯᠵᠡᠢ
ᠨᠡᠶᠢᠲᠡᠯᠡᠭᠰᠡᠨ ᠴᠠᠭ᠄
2025/1/2
    ︽ᠠᠬᠠᠮᠠᠳ ᠨᠠᠮ ᠤᠨ ᠭᠡᠰᠢᠭᠦᠳ ᠤᠨ ᠬᠠᠶᠢᠷ᠎ᠠ ᠬᠠᠯᠠᠮᠵᠢ ᠪᠠᠨ ᠬᠠᠷᠠᠮ ᠦᠭᠡᠢ ᠬᠠᠨᠳᠢᠪᠯᠠᠭᠰᠠᠨ ᠳᠤ ᠪᠢᠳᠡ ᠲᠦᠢᠯ ᠢᠶᠠᠷ ᠰᠡᠳᠬᠢᠯ ᠳᠣᠭᠳᠣᠯᠵᠤ ᠪᠠᠶᠢᠨ᠎ᠠ᠂ ᠪᠢᠳᠡ ᠡᠷᠬᠡᠪᠰᠢ ᠴᠢᠷᠮᠠᠶᠢᠨ ᠰᠤᠷᠤᠯᠴᠠᠵᠤ᠂ ᠠᠯᠤᠰ ᠬᠡᠳᠦ ᠶᠢᠨ ᠬᠦᠰᠡᠯᠡᠩ ᠢ ᠪᠤᠢ ᠪᠣᠯᠭᠠᠨ᠂ ᠬᠠᠶᠢᠷ᠎ᠠ ᠬᠠᠯᠠᠮᠵᠢ ᠪᠠᠨ ᠨᠡᠩ ᠤᠯᠠᠨ ᠬᠥᠮᠦᠨ ᠳᠤ ᠳᠠᠮᠵᠢᠭᠤᠯᠤᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠰᠤᠷᠭᠠᠭᠤᠯᠢ ᠶᠢᠨ ᠰᠤᠷᠤᠭᠴᠢ ᠵᠠᠩ ᠴᠧᠨ ᠵᠢᠶᠦ᠋ᠨ ᠬᠡᠯᠡᠪᠡ᠃    12 ᠰᠠᠷ᠎ᠠ ᠶᠢᠨ 24 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠤ ᠬᠢᠨ ᠪᠠᠶᠢᠭᠤᠯᠭ᠎ᠠ ᠶᠢᠨ ᠠᠬᠠᠮᠠᠳ ᠺᠠᠳ᠋ᠷᠴᠤᠳ ᠤᠨ ᠨᠠᠮ ᠤᠨ ᠡᠭᠦᠷ ᠤᠨ ᠠᠵᠢᠯᠯᠠᠭ᠎ᠠ ᠵᠢᠴᠢ ︽ᠨᠤᠮ ᠪᠢᠴᠢᠭ ᠬᠠᠨᠳᠢᠪᠯᠠᠬᠤ︾ ᠬᠠᠶᠢᠷ᠎ᠠ ᠬᠠᠯᠠᠮᠵᠢ ᠬᠦᠷᠭᠡᠬᠦ ᠶᠣᠰᠣᠯᠠᠯ ᠶᠠᠪᠤᠭᠤᠯᠵᠤ᠂ ᠪᠠᠶᠢᠭᠤᠯᠭ᠎ᠠ ᠶᠢᠨ 32 ᠠᠬᠠᠮᠠᠳ ᠨᠠᠮ ᠤᠨ ᠭᠡᠰᠢᠭᠦᠨ ᠰᠠᠶᠢᠨ ᠳᠤᠷ᠎ᠠ ᠠᠴᠠ ᠪᠠᠨ ᠤᠷᠤᠯᠴᠠᠵᠤ᠂ ᠭᠦᠢᠯᠡᠷ ᠰᠤᠷᠭᠠᠭᠤᠯᠢ ᠳᠤ ᠦᠵᠡᠯ ᠰᠠᠨᠠᠭ᠎ᠠ ᠤᠯᠤᠰ ᠲᠦᠷᠦ᠂ ᠬᠡᠦᠬᠡᠳ ᠤᠨ ᠤᠩᠰᠢᠬᠤ ᠪᠢᠴᠢᠭ᠂ ᠨᠠᠶᠢᠷᠠᠭᠤᠯᠤᠯ ᠲᠡᠭᠦᠪᠦᠷᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ᠂ ᠨᠡᠷᠡᠳᠦ ᠬᠥᠮᠦᠰ ᠤᠨ ᠨᠠᠮᠲᠠᠷ ᠵᠡᠷᠭᠡ ᠡᠯ᠎ᠡ ᠲᠦᠷᠦᠯ ᠤᠨ 370 ᠨᠣᠮ ᠪᠢᠴᠢᠭ ᠢ ᠬᠠᠨᠳᠢᠪᠯᠠᠪᠠ᠃ ᠰᠤᠷᠤᠭᠴᠢᠳ ᠠᠬᠠᠮᠠᠳ ᠨᠠᠮ ᠤᠨ ᠭᠡᠰᠢᠭᠦᠨ ᠳᠤ ᠤᠯᠠᠭᠠᠨ ᠪᠦᠴᠡ ᠵᠡᠭᠦᠯᠭᠡᠵᠦ᠂ ᠪᠠᠰᠠ ᠬᠠᠮᠲᠤ ᠪᠠᠷ ︽ᠬᠡᠦᠬᠡᠳ ᠤᠨ ᠰᠡᠳᠬᠢᠯ ᠨᠠᠮ ᠢᠶᠠᠨ ᠲᠠᠭᠠᠨ᠎ᠠ︾ ᠭᠡᠬᠦ ᠳᠠᠭᠤᠤ ᠶᠢ ᠳᠠᠭᠤᠯᠠᠵᠤ᠂ ᠴᠢᠩ ᠰᠡᠳᠭᠢᠯ ᠤᠨ ᠲᠠᠯᠠᠷᠬᠠᠯ ᠢᠶᠠᠨ ᠢᠯᠡᠳᠬᠡᠵᠡᠢ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠦᠦ ᠭᠦᠸᠧ ᠼᠠᠢ᠄ ︽ᠪᠠᠶᠢᠭᠤᠯᠭ᠎ᠠ ᠶᠢᠨ ᠠᠬᠠᠮᠠᠳ ᠨᠠᠮ ᠤᠨ ᠭᠡᠰᠢᠭᠦᠳ ᠨᠣᠮ ᠪᠢᠴᠢᠭ ᠬᠠᠨᠳᠢᠪᠯᠠᠬᠤ ᠬᠡᠯᠪᠡᠷᠢ ᠪᠠᠷ ᠥᠷᠭᠡᠨ ᠤᠯᠠᠨ ᠵᠠᠯᠠᠭᠤᠴᠤᠳ ᠪᠠᠭᠠᠴᠤᠳ ᠢ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠭᠤᠯᠵᠤ᠂ ᠬᠤᠪᠢᠰᠬᠠᠯ ᠤᠨ ᠲᠡᠦᠬᠡ ᠶᠢ ᠪᠠᠲᠤ ᠴᠡᠭᠡᠵᠢᠯᠡᠵᠦ᠂ ᠬᠦᠰᠡᠯᠡᠩ ᠲᠠᠢ᠂ ᠶᠣᠰᠣ ᠰᠤᠷᠲᠠᠬᠤᠨ ᠲᠠᠢ᠂ ᠰᠣᠶᠣᠯ ᠲᠠᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠤᠯᠬᠤ ᠶᠢ ᠬᠦᠳᠦᠯᠦᠨ ᠵᠢᠯᠤᠭᠤᠳᠤᠭᠰᠠᠨ ᠪᠥᠭᠡᠳ ᠠᠬᠠᠮᠠᠳ ᠨᠠᠮ ᠤᠨ ᠭᠡᠰᠢᠭᠦᠨ ᠤ ᠠᠵᠢᠯ ᠤᠨ ᠪᠠᠶᠢᠷᠢ ᠠᠴᠠ ᠪᠠᠨ ᠰᠠᠯᠪᠠᠴᠤ ᠨᠠᠮ ᠠᠴᠠ ᠪᠠᠨ ᠰᠠᠯᠬᠤ ᠦᠭᠡᠢ᠂ ᠠᠵᠢᠯ ᠠᠴᠠ ᠪᠠᠨ ᠠᠮᠠᠷᠠᠪᠠᠴᠤ ᠦᠩᠭᠡ ᠪᠠᠨ ᠠᠯᠳᠠᠬᠤ ᠦᠭᠡᠢ ᠤᠶᠤᠨ ᠰᠠᠨᠠᠭᠠᠨ ᠤ ᠳᠦᠷᠰᠦ ᠪᠠᠶᠢᠳᠠᠯ ᠢ ᠲᠠᠶᠢᠯᠪᠤᠷᠢᠯᠠᠭᠰᠠᠨ ᠪᠠᠶᠢᠨ᠎ᠠ︾ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号