︽ᠥᠨᠥᠳᠦᠷ ᠤᠨ ︿ᠲᠣᠰᠬᠤᠨ ᠤ ᠦᠳᠡᠰᠢᠯᠡᠭᠡ﹀ ᠦᠨᠡᠬᠡᠷ ᠭᠤᠶᠢᠳᠠ ᠰᠠᠶᠢᠬᠠᠨ ᠶᠠᠪᠤᠭᠳᠠᠵᠤ᠂ ᠥᠷᠭᠡᠨ | ᠣᠯᠠᠨ ᠲᠦᠮᠡᠨ ᠤ ᠴᠤᠭ ᠰᠦᠯᠳᠡ ᠶᠢ ᠨᠠᠳᠠ ᠳᠤ ᠮᠡᠳᠡᠷᠡᠭᠦᠯᠵᠡᠶ᠂ ᠬᠤᠶᠢᠰᠢᠳᠠ ᠡᠶᠢᠮᠦ ᠠᠵᠢᠯᠯᠠᠭ᠎ᠠ ᠶᠢ ᠨᠡᠩ ᠣᠯᠠᠨ | ᠶᠠᠪᠤᠭᠳᠠᠭᠤᠯᠵᠤ᠂ ᠮᠠᠨ ᠤ ᠠᠷᠠᠳ ᠲᠦᠮᠡᠨ ᠤ ᠰᠣᠶᠣᠯ ᠤᠨ ᠠᠮᠢᠳᠤᠷᠠᠯ ᠢ ᠨᠡᠩ ᠡᠯᠪᠡᠭ ᠪᠠᠶᠠᠯᠢᠭ ᠪᠣᠯᠭᠠᠬᠤ ᠶᠢ | ᠬᠦᠰᠡᠵᠦ ᠪᠠᠶᠢᠨ᠎ᠠ︾ ᠭᠡᠵᠦ ᠲᠣᠰᠬᠤᠨ ᠤ ᠠᠷᠠᠳ ᠶᠤᠸᠠᠢ ᠷᠦᠢ ᠪᠠᠶᠠᠷᠲᠠᠢ ᠪᠠᠷ ᠶᠠᠷᠢᠨ᠎ᠠ᠃ 12 ᠰᠠᠷ᠎ᠠ ᠶᠢᠨ 24 ᠤ | ᠡᠳᠦᠷ ᠤᠨ ︽ᠠᠶᠠᠯᠭᠤᠳᠤ ᠵᠢᠭᠤᠯᠴᠢᠯᠠᠯ ᠥᠪᠥᠷ ᠮᠣᠩᠭᠤᠯ ᠡᠳᠦᠷ ᠡᠳᠦᠷ ᠴᠠᠭᠠᠨ ᠰᠠᠷ᠎ᠠ ᠪᠠᠨ ᠥᠩᠭᠡᠷᠡᠭᠦᠯᠦᠨ᠎ᠡ︾ | 2024 ᠣᠨ ᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠲᠣᠰᠬᠤᠨ ᠤ ᠦᠳᠡᠰᠢᠯᠡᠭᠡ︾ ᠨᠡᠳᠦᠭᠡᠷ | ᠪᠠᠯᠭᠠᠰᠤᠨ ᠳᠤ ᠶᠠᠪᠤᠭᠳᠠᠪᠠ᠃ | ᠠᠵᠢᠯᠯᠠᠭ᠎ᠠ ᠨᠢ ᠪᠥᠵᠢᠭ ︽ᠵᠠᠰᠠᠭᠳᠤ ᠶᠢᠨ ᠵᠣᠴᠢᠨ ᠤᠭᠲᠤᠬᠤ ᠳᠠᠭᠤᠤ︾ ᠶᠢᠨ ᠳᠤᠮᠳᠠ ᠬᠥᠰᠢᠭᠡ ᠪᠠᠨ | ᠰᠡᠬᠦᠵᠦ᠂ ᠳᠠᠭᠤᠤ᠂ ᠪᠥᠵᠢᠭ ᠵᠡᠷᠭᠡ ᠤᠯᠠᠨ ᠲᠦᠮᠡᠨ ᠤ ᠥᠪᠡᠷ ᠢᠶᠠᠨ ᠨᠠᠶᠢᠷᠠᠭᠤᠯᠵᠤ ᠥᠪᠡᠷ ᠢᠶᠠᠨ ᠤᠳᠤᠷᠢᠳᠴᠤ | ᠥᠪᠡᠷ ᠢᠶᠠᠨ ᠲᠣᠭᠯᠠᠭᠰᠠᠨ ᠤᠷᠠᠨ ᠰᠠᠶᠢᠬᠠᠨ ᠤ ᠲᠣᠭᠯᠠᠯᠲᠠ ᠶᠢ ᠵᠠᠯᠭᠠᠭ᠎ᠠ ᠪᠠᠷ ᠲᠣᠭᠯᠠᠵᠠᠢ᠃ ᠲᠣᠭᠯᠠᠭᠴᠢᠳ ᠭᠤᠶᠤ | ᠭᠤᠶᠤ ᠬᠤᠪᠴᠠᠰᠤ ᠡᠮᠦᠰᠦᠨ᠂ ᠬᠥᠭᠵᠢᠮ ᠤᠨ ᠠᠶᠢᠵᠠᠮ ᠢ ᠳᠠᠭᠠᠵᠤ ᠳᠡᠪᠬᠡᠷᠦᠨ ᠪᠥᠵᠢᠭᠯᠡᠵᠦ᠂ ᠱᠤᠭ ᠵᠦᠴᠦᠭᠡ᠂ | ᠭᠤᠷᠪᠠᠨ ᠥᠭᠦᠯᠡᠪᠦᠷᠢ ᠬᠠᠭᠠᠰ᠂ ᠲᠦᠷᠪᠡᠨ ᠤᠲᠠᠰᠤᠲᠤ ᠬᠤᠭᠤᠷ ᠤᠨ ᠲᠣᠭᠯᠠᠯᠲᠠ ᠵᠡᠷᠭᠡ ᠲᠣᠭᠯᠠᠯᠲᠠ ᠨᠢ | ᠬᠥᠳᠡᠭᠡ ᠶᠢᠨ ᠦᠨᠦᠷ ᠠᠮᠲᠠ ᠪᠠᠷ ᠪᠢᠯᠬᠠᠮ᠎ᠠ ᠪᠠᠶᠢᠵᠤ᠂ ᠪᠦᠲᠦᠭᠡᠯᠴᠢ ᠰᠡᠳᠬᠢᠮᠵᠢ ᠪᠠᠷ ᠰᠠᠶᠢᠨ᠂ ᠤᠯᠠᠨ | ᠲᠦᠮᠡᠨ ᠲᠠᠢ ᠤᠢᠢᠷᠠᠳᠤᠭᠰᠠᠨ ᠰᠣᠶᠣᠯ ᠤᠨ ᠲᠠᠩᠰᠤᠭ ᠬᠤᠭᠤᠯᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ | ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ | ᠲᠣᠰ ᠤᠳᠠᠭᠠᠨ ᠤ ︽ᠲᠣᠰᠬᠤᠨ ᠤ ᠦᠳᠡᠰᠢᠯᠡᠭᠡ︾ ᠨᠢ ᠰᠢᠨ᠎ᠡ ᠴᠠᠭ ᠦᠶ᠎ᠡ ᠶᠢᠨ ᠣᠯᠠᠨ ᠲᠦᠮᠡᠨ ᠤ | ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ | ᠥᠬᠡᠶ ᠪᠠᠰᠠ ᠣᠯᠠᠨ ᠲᠦᠮᠡᠨ ᠤ ᠣᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠡ ᠴᠠᠭ | ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠤᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠦᠨᠡᠨ ᠬᠦ ᠣᠯᠠᠨ ᠲᠦᠮᠡᠨ ᠤ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠣᠮᠣ ᠲᠠᠪᠴᠠᠩ᠂ | ᠤᠨᠴᠠᠯᠢᠬᠳᠤ ᠰᠣᠶᠣᠯ ᠤᠨ ᠲᠣᠮᠣ ᠦᠵᠡᠭᠦᠯᠭᠡ ᠶᠢᠨ ᠲᠠᠯᠠᠪᠤᠷ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠣᠮᠣ | ᠲᠠᠪᠴᠠᠩ ᠪᠣᠯᠤᠭᠰᠠᠨ ᠪᠠᠶᠢᠨ᠎ᠠ᠃ | ︽ᠮᠠᠯᠴᠢᠨ ᠲᠠᠷᠢᠶᠠᠴᠢᠨ ᠤ ︿ᠲᠣᠰᠬᠤᠨ ᠤ ᠦᠳᠡᠰᠢᠯᠡᠭᠡ﹀ ᠨᠢ ᠨᠢᠭᠡ ᠤᠳᠠᠭᠠᠨ ᠤ ᠤᠷᠠᠨ ᠰᠠᠶᠢᠬᠠᠨ ᠤ | ᠲᠣᠭᠯᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤ ᠴᠤᠭᠴᠠᠯᠠᠬᠤ ᠶᠢ ᠠᠬᠢᠭᠤᠯᠬᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠠᠮᠢᠳᠤᠯᠢᠭ | ᠦᠢᠯᠡᠳᠦᠯᠭᠡ ᠮᠥᠨ᠃ ᠥᠨᠥᠳᠦᠷ ᠤᠨ ᠡᠨᠡ ᠤᠳᠠᠭᠠᠨ ᠤ ᠠᠵᠢᠯᠯᠠᠭ᠎ᠠ ᠨᠢ ᠨᠡᠳᠦᠭᠡᠷ ᠪᠠᠯᠭᠠᠰᠤᠨ ᠤ ᠺᠠᠳ᠋ᠷ ᠣᠯᠠᠨ | ᠲᠦᠮᠡᠨ ᠪᠣᠯᠤᠨ ᠲᠠᠷᠢᠶᠠᠴᠢᠨ ᠨᠠᠶᠢᠵᠠ ᠨᠠᠷ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ | ᠬᠠᠷᠠᠭᠤᠯᠤᠭᠰᠠᠨ ᠪᠠᠶᠢᠨ᠎ᠠ᠃ ᠨᠡᠳᠦᠭᠡᠷ ᠪᠠᠯᠭᠠᠰᠤ ᠶᠢᠨ ᠬᠢᠨ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠲᠣᠰᠬᠤᠨ ᠤ ᠠᠷᠠᠳ ᠢ ︿ᠰᠣᠶᠣᠯ ᠢ ᠰᠤᠷᠤᠯᠴᠠᠵᠤ﹀ ᠪᠠᠶᠢᠭᠰᠠᠨ ᠠᠴᠠ ︿ᠰᠣᠶᠣᠯ ᠢ ᠬᠡᠷᠡᠭᠯᠡᠬᠦ﹀ | ᠪᠣᠯᠭᠠᠨ ᠬᠤᠪᠢᠷᠠᠭᠤᠯᠵᠤ᠂ ᠦᠵᠡᠭᠴᠢ ᠪᠠᠶᠢᠭᠰᠠᠨ ᠠᠴᠠ ︿ᠭᠤᠣᠯ ᠲᠣᠭᠯᠠᠭᠴᠢ﹀ ᠪᠣᠯᠭᠠᠨ ᠬᠤᠪᠢᠷᠠᠭᠤᠯᠵᠤ᠂ | ᠬᠥᠳᠡᠭᠡ ᠲᠣᠰᠬᠤᠨ ᠤ ᠰᠣᠶᠣᠯ ᠤᠨ ᠦᠵᠡᠮᠵᠢ᠂ ᠬᠥᠳᠡᠭᠡ ᠲᠣᠰᠬᠤᠨ ᠤ ᠠᠮᠢᠳᠤᠷᠠᠯ ᠤᠨ ᠠᠮᠲᠠ ᠶᠢ | ᠮᠡᠳᠡᠷᠡᠭᠦᠯᠬᠦ ᠪᠠᠷ ᠦᠷᠭᠦᠯᠵᠢᠯᠡᠨ ᠴᠢᠷᠮᠠᠶᠢᠨ᠎ᠠ︾ ᠭᠡᠵᠦ ᠨᠡᠳᠦᠭᠡᠷ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ | ᠼᠦᠢ ᠹᠦ᠋ ᠶᠠᠨ ᠬᠡᠯᠡᠪᠡ᠃ | |